ᠰᠢᠤᠸᠠᠢ ᠲᠢᠶᠠᠨ ᠰᠢᠶᠠᠩ ︽ᠨᠡᠮᠡᠬᠦ ᠬᠠᠰᠤᠬᠤ ᠠᠷᠭ᠎ᠠ︾ ᠶᠢ ᠰᠠᠶᠢᠲᠤᠷ ᠬᠢᠵᠦ ︽ᠴᠡᠭᠴᠡᠯᠡᠨ ᠵᠠᠰᠠᠬᠤ ᠡᠪᠬᠡᠮᠡᠯ︾ ᠢ ᠰᠠᠶᠢᠲᠤᠷ ᠬᠠᠷᠢᠭᠤᠯᠪᠠ
ᠨᠡᠶᠢᠲᠡᠯᠡᠭᠰᠡᠨ ᠴᠠᠭ᠄
2024/7/11
   ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠴᠢᠨᠠᠭᠰᠢᠳᠠ ᠪᠠᠬᠢᠵᠢᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠴᠡᠪᠡᠷ ᠲᠡᠭᠰᠢ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠬᠥᠳᠡᠭᠡ ᠲᠣᠰᠬᠤᠨ ᠤ ︽ᠭᠤᠶᠤ ᠰᠠᠶᠢᠬᠠᠨ︾ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠰᠢᠤᠸᠠᠢ ᠲᠢᠶᠠᠨ ᠰᠢᠶᠠᠩ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠭᠤᠣᠯ ᠠᠳᠬᠤᠬᠤ᠂ ᠭᠤᠣᠯᠳᠠᠯᠭ᠎ᠠ ᠲᠠᠢ ᠠᠳᠬᠤᠬᠤ᠂ ᠴᠢᠩᠭ᠎ᠠ ᠠᠳᠬᠤᠬᠤ ᠶᠢ ᠪᠠᠷᠢᠮᠲᠠᠯᠠᠵᠤ᠂ ︽ᠠᠷᠬᠠᠭ ᠬᠡᠮ︾ ᠢ ᠣᠨᠢᠯᠠᠵᠤ᠂ ︽ᠶᠡᠭᠡ ᠬᠦᠴᠦ︾ ᠭᠠᠷᠭᠠᠵᠤ᠂ ︽ᠵᠢᠩᠬᠢᠨᠢ ᠬᠦᠴᠦ︾ ᠣᠷᠣᠭᠤᠯᠵᠤ᠂ ︽ᠨᠡᠮᠡᠵᠦ ᠬᠠᠰᠤᠬᠤ ᠠᠷᠭ᠎ᠠ︾ ᠶᠢ ᠰᠠᠶᠢᠲᠤᠷ ᠬᠢᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠵᠤᠨ ᠤ ᠤᠯᠠᠷᠢᠯ ᠤᠨ ᠳᠠᠭᠠᠷᠢᠯᠳᠠ︾ ᠶᠢ ᠥᠷᠨᠢᠭᠦᠯᠪᠡ᠃
   ᠨᠠᠮ ᠤᠨ ᠪᠠᠶᠢᠭᠤᠯᠤᠯᠲᠠ ᠪᠠᠷ ᠬᠥᠲᠥᠯᠥᠨ ᠲᠠᠭᠠᠭᠤᠯᠵᠦ ᠴᠢᠳᠠᠮᠵᠢ ᠶᠢ ᠨᠡᠮᠡᠨ᠎ᠡ  ᠃ ᠨᠢᠭᠡ ᠨᠠᠮ ᠤᠨ ᠡᠭᠦᠷ ᠪᠣᠯ ᠳᠠᠷᠤᠢ ᠨᠢᠭᠡ ᠪᠠᠬᠢᠯᠡᠯᠲᠡ ᠮᠥᠨ᠂ ᠰᠢᠤᠸᠠᠢ ᠲᠢᠶᠠᠨ ᠰᠢᠶᠠᠩ ᠢᠮᠠᠭᠲᠠ ︽ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ  ᠳᠤ ᠬᠤᠰᠢᠭᠤᠷᠠᠵᠤ᠂ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠬᠤ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ  ᠤᠨ ᠪᠠᠶᠢᠭᠤᠯᠤᠯᠲᠠ ᠶᠢᠨ ᠬᠦᠳᠦᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ᠂ ᠺᠠᠳ᠋ᠷ ᠲᠦᠷᠦᠭᠦᠯᠡᠨ ᠬᠢᠬᠦ᠂ ᠤᠯᠠᠨ ᠲᠦᠮᠡᠨ ᠴᠤᠤᠷᠢᠶᠠᠲᠤᠨ ᠲᠠᠭᠠᠬᠤ︾ ᠠᠷᠭ᠎ᠠ ᠬᠡᠯᠪᠡᠷᠢ ᠶᠢ ᠪᠠᠷᠢᠮᠲᠠᠯᠠᠵᠤ᠂ ᠣᠳᠣᠬᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠵᠠᠳᠠᠯᠤᠨ ᠰᠤᠳᠤᠯᠤᠨ ᠮᠠᠭᠠᠳᠯᠠᠵᠤ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠨᠠᠮ ᠤᠨ ᠭᠡᠰᠢᠭᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠂ ᠰᠠᠶᠢᠨ ᠳᠤᠷᠠᠴᠤᠳ ᠲᠣᠭᠲᠠᠮᠠᠯ ᠬᠤᠭᠤᠴᠠᠭ᠎ᠠ ᠲᠠᠢ ᠪᠠᠷ ᠲᠦᠷᠦᠭᠦᠯᠡᠨ ᠲᠣᠰᠬᠤᠨ ᠤ ᠡᠷᠡᠭᠦᠯ ᠬᠠᠮᠠᠭᠠᠯᠠᠯ ᠢ ᠴᠡᠪᠡᠷᠯᠡᠵᠦ᠂ ᠡᠮᠦᠨ᠎ᠡ ᠨᠢ ᠶᠠᠪᠤᠵᠤ᠂ ᠡᠮᠦᠨ᠎ᠡ ᠨᠢ ᠠᠵᠢᠯᠯᠠᠵᠤ᠂ ᠤᠯᠠᠨ ᠲᠦᠮᠡᠨ ᠢ ᠪᠦᠬᠦ ᠲᠠᠯ᠎ᠠ ᠪᠠᠷ ᠲᠠᠶᠢᠴᠢᠯᠠᠨ ᠭᠡᠷ ᠣᠷᠣᠨ ᠤ ᠣᠷᠴᠢᠨ ᠲᠣᠭᠤᠷᠢᠨ ᠢ ᠭᠤᠶᠣᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠬᠡᠷᠡᠭᠲᠡᠶ᠃
   ᠳᠤᠲᠠᠭᠤᠳᠠᠯ ᠢ ᠰᠢᠶᠳᠪᠦᠷᠢᠯᠡᠵᠦ ᠠᠷᠬᠠᠭ ᠬᠡᠮ ᠢ ᠠᠷᠢᠯᠭᠠᠨ᠎ᠠ᠃ ᠡᠯ᠎ᠡ ᠲᠣᠰᠬᠤᠨ ᠲᠣᠰᠬᠤᠨ ᠤ ᠪᠣᠳᠠᠲᠤ ᠪᠠᠶᠳᠠᠯ ᠳᠤ ᠰᠠᠭᠤᠷᠢᠯᠠᠵᠦ᠂ ᠣᠯᠠᠨ ᠲᠦᠮᠡᠨ ᠢ ᠵᠣᠬᠢᠶᠠᠨ ᠪᠠᠶᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠴᠡᠪᠡᠷᠯᠡᠭᠴᠢ᠂ ᠰᠠᠶᠢᠨ ᠳᠤᠷ᠎ᠠ ᠶᠢᠨ ᠠᠵᠢᠭᠯᠠᠭᠴᠢ ᠬᠠᠮᠲᠤ ᠪᠠᠷ ᠬᠦᠳᠦᠯᠦᠯᠴᠡᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠠᠪᠤᠴᠠ ᠳᠤ ︽ᠭᠤᠤᠯᠳᠠᠯᠭ᠎ᠠ᠂ ᠬᠦᠴᠢᠷ ᠠᠰᠠᠭᠤᠳᠠᠯ᠂ ᠪᠠᠯᠠᠶ ᠴᠡᠭ ᠤᠨ ᠠᠵᠢᠯ᠂ ᠲᠣᠣᠷ ᠢᠶᠠᠷ ᠬᠠᠮᠢᠶᠠᠷᠬᠤ᠂ ᠬᠥᠮᠦᠨ ᠲᠣᠭᠲᠠᠭᠠᠵᠤ ᠬᠠᠷᠢᠭᠤᠴᠠᠯᠭ᠎ᠠ ᠲᠣᠭᠲᠠᠭᠠᠬᠤ᠂ ᠬᠡᠰᠡᠭ ᠤᠷᠤᠨ ᠳᠤ ᠬᠥᠮᠦᠨ ᠲᠤᠭᠳᠠᠭᠠᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ︾ ᠠᠵᠢᠯ ᠤᠨ ᠵᠠᠭᠪᠤᠷ ᠪᠠᠷ᠂ ᠵᠠᠰᠠᠮᠠᠯ ᠵᠠᠮ ᠳᠠᠭᠠᠤ ᠭᠤᠤᠯᠳᠠᠯᠭ᠎ᠠ ᠲᠠᠢ᠂ ᠲᠣᠰᠬᠤᠨ ᠤ ᠭᠤᠣᠯ ᠵᠠᠮ᠂ ᠭᠤᠣᠯ ᠤᠨ ᠰᠤᠪᠠᠭ᠂ ᠭᠡᠷ ᠤᠨ ᠡᠮᠦᠨ᠎ᠡ ᠬᠤᠶᠢᠨ᠎ᠠ ᠣᠷᠣᠨ ᠤ ᠪᠤᠵᠠᠷ ᠡᠪᠡᠰᠦ᠂ ᠦᠶᠯᠡᠳᠪᠦᠷᠢᠯᠡᠯ ᠠᠮᠢᠳᠤᠷᠠᠯ ᠤᠨ ᠬᠤᠭ ᠨᠣᠪᠰᠢ᠂ ᠬᠦᠷᠢᠶ᠎ᠡ ᠬᠠᠰᠢᠶᠠᠨ ᠳᠤ  ᠪᠠᠨ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠭᠰᠠᠨ ᠡᠯᠳᠡᠪ ᠪᠣᠳᠠᠰ ᠢ ᠪᠦᠬᠦᠨ ᠢ ᠪᠦᠷᠬᠦᠵᠦ᠂ ︽ᠲᠣᠤᠷᠵᠢᠭᠤᠯᠤᠭᠰᠠᠨ︾ ᠲᠥᠪᠯᠡᠷᠡᠭᠦᠯᠦᠨ ᠴᠡᠪᠡᠷᠯᠡᠬᠦ᠂ ︽ᠨᠢᠭᠤᠷ ᠲᠠᠯ᠎ᠠ︾ ᠠᠴᠠ ︽ᠳᠣᠲᠣᠷ ᠲᠠᠯ᠎ᠠ︾ ᠬᠦᠷᠲᠡᠯ᠎ᠡ ᠴᠥᠮ ᠬᠡᠷᠡᠯ ᠰᠠᠴᠤᠷᠠᠩᠭᠤᠶ ᠦᠵᠡᠰᠬᠦᠯᠡᠩᠲᠦ ᠰᠠᠶᠢᠬᠠᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠰᠢᠨ᠎ᠡ ᠳᠦᠷᠢ ᠲᠥᠷᠬᠦ ᠶᠢ ᠳᠠᠬᠢᠨᠲᠠ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠠᠵᠢᠯᠯᠠᠭ᠎ᠠ ᠳᠤ ᠨᠡᠶᠢᠲᠡ 40 ᠭᠠᠷᠤᠶ ᠤᠳᠬᠤᠭᠤᠷ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠶᠢ ᠬᠥᠳᠡᠯᠭᠡᠵᠦ᠂ 49 ᠭᠠᠷᠤᠶ ᠲᠣᠨ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠤᠨ ᠴᠡᠪᠡᠷᠯᠡᠵᠦ᠂ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠠᠭᠠᠯᠠᠮᠵᠢᠲᠠᠶ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ ᠰᠢᠤᠸᠠᠢ ᠲᠢᠶᠠᠨ ᠰᠢᠶᠠᠩ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠠᠶᠢᠴᠢᠯᠠᠵᠤ᠂ ᠣᠯᠠᠨ ᠲᠦᠮᠡᠨ ᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠ ᠬᠠᠷᠠᠵᠤ ᠰᠠᠭᠤᠬᠤ ᠪᠠᠷ ᠭᠤᠤᠯ ᠳᠦᠷᠢ ᠪᠣᠯᠭᠠᠵᠤ᠂ ᠺᠠᠳ᠋ᠷ ᠣᠯᠠᠨ ᠲᠦᠮᠡᠨ ᠬᠠᠮᠲᠤ ᠪᠠᠷ ᠴᠡᠭᠴᠡᠯᠡᠨ ᠵᠠᠰᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢᠶᠠᠷ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠨ᠎ᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号