ᠲᠦᠴᠢᠦᠸᠠᠨ ᠰᠢᠶᠠᠨ᠄ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠰᠢᠰᠲ᠋ᠧᠮ ᠢ ᠪᠠᠶᠢᠭᠤᠯᠵᠤ ᠬᠥᠳᠡᠭᠡ ᠲᠣᠰᠬᠤᠨ ᠤ ᠠᠷᠢᠭᠤᠨ ᠴᠡᠪᠡᠷ ᠬᠥᠷᠥᠰᠥ ᠰᠢᠷᠣᠶ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/7/12
   ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠵᠠᠰᠠᠯᠲᠠ ᠶᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠤᠨ ᠬᠠᠶᠠᠭᠳᠠᠮᠠᠯ ᠪᠣᠳᠠᠰ ᠢ ᠲᠤᠰᠬᠠᠶ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠰᠢᠰᠲ᠋ᠧᠮ  ᠢ ᠪᠠᠶᠢᠭᠤᠯᠵᠤ᠂ ᠰᠢᠶᠠᠨ ᠤ ᠬᠡᠪᠴᠢᠶᠡᠨ ᠳᠠᠬᠢ ᠡᠯ᠎ᠡ ᠲᠣᠰᠬᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠰ ᠲᠣᠰ ᠤᠨ ᠣᠨᠴᠠᠯᠢᠭ ᠲᠠᠢ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠵᠠᠭᠪᠤᠷ ᠢ ᠰᠦᠪᠡᠭᠴᠢᠯᠡᠵᠦ᠂ ᠲᠠᠷᠢᠶᠠᠨ ᠭᠠᠵᠠᠷ ᠤᠨ ︽ᠬᠤᠤᠷᠲᠠᠶ ᠡᠰ︾ ᠢ ᠪᠦᠲᠦᠮᠵᠢᠲᠡᠶ ᠠᠷᠢᠯᠭᠠᠵᠤ᠂ ᠬᠥᠷᠥᠰᠥ ᠰᠢᠷᠣᠶ  ᠶᠢᠨ ᠣᠷᠴᠢᠨ ᠲᠣᠭᠤᠷᠢᠨ ᠢ ᠴᠡᠪᠡᠷᠰᠢᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠬᠤᠪᠣᠷ ᠨᠠᠨᠳᠢᠨ ᠬᠠᠷ᠎ᠠ ᠬᠥᠷᠥᠰᠥᠨ ᠤ ᠡᠬᠢ ᠪᠠᠶᠠᠯᠢᠭ ᠢ ᠬᠠᠮᠠᠭᠠᠯᠠᠵᠤ᠂ ᠲᠠᠷᠢᠶᠠᠯᠠᠩ ᠤᠨ ᠬᠤᠤᠷ ᠬᠥᠨᠥᠭᠡᠯ ᠤᠨ ᠬᠤᠭ ᠨᠣᠪᠰᠢ ᠶᠢᠨ ᠡᠬᠢ ᠰᠤᠷᠪᠤᠯᠵᠢ ᠶᠢᠨ ᠪᠣᠬᠢᠷᠲᠤᠯ ᠢ ᠲᠤᠶᠢᠯ ᠤᠨ ᠶᠡᠭᠡ ᠪᠠᠷ ᠪᠠᠭᠤᠷᠠᠭᠤᠯᠪᠠ᠃
   ᠱᠦᠢ ᠴᠢᠤᠸᠠᠨ ᠪᠠᠯᠭᠠᠰᠤᠨ ᠤ ᠯᠦᠩ ᠱᠧᠩ ᠲᠣᠰᠬᠤᠨ ᠳᠤ ᠬᠦᠷᠬᠦ ᠳᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠶᠠᠭ ᠡᠮᠬᠢ ᠴᠡᠭᠴᠡ ᠲᠠᠢ ᠶᠠᠪᠤᠭᠳᠠᠵᠤ᠂ ᠲᠣᠰᠬᠤᠨ ᠤ ᠠᠷᠠᠳ ᠢᠳᠡᠪᠬᠢᠲᠡᠢ ᠪᠠᠷ ᠲᠠᠷᠢᠶᠠᠨ ᠡᠮ ᠬᠢᠬᠦ ᠬᠠᠶᠠᠭᠳᠠᠮᠠᠯ ᠡᠮ ᠤᠨ ᠯᠣᠩᠬᠤ᠂ ᠡᠮ ᠤᠨ ᠤᠭᠤᠲᠠ  ᠶᠢ ᠪᠦᠬᠦᠨ ᠢ ᠬᠤᠷᠢᠶᠠᠨ ᠠᠪᠴᠤ᠂ ᠲᠣᠰᠬᠤᠨ ᠤ ᠠᠯᠪᠠᠨ ᠭᠡᠷ ᠲᠤ ᠬᠦᠷᠴᠦ ᠠᠮᠢᠳᠤᠷᠠᠯ ᠤᠨ ᠬᠡᠷᠡᠭᠰᠡᠯ ᠢᠶᠠᠨ ᠰᠣᠯᠢᠵᠤ᠂ ᠰᠣᠯᠢᠬᠤ ᠳᠤ ᠬᠡᠷᠡᠭᠯᠡᠬᠦ ᠠᠮᠢᠳᠤᠷᠠᠯ ᠤᠨ ᠬᠡᠷᠡᠭᠰᠡᠯ ᠢ ᠲᠣᠰᠬᠤᠨ ᠤ ᠬᠠᠮᠲᠤ ᠠᠴᠠ ᠬᠤᠳᠠᠯᠳᠤᠨ ᠠᠪᠤᠨ᠎ᠠ
   ᠱᠦᠢ ᠴᠢᠤᠸᠠᠨ ᠪᠠᠯᠭᠠᠰᠤᠨ ᠤ ᠯᠦᠩ ᠱᠧᠩ ᠲᠣᠰᠬᠤᠨ ᠤ ᠠᠷᠠᠳ ᠶᠠᠩ ᠱᠤ᠋ ᠶᠦᠨ ᠳᠡᠪᠢᠭᠦᠷ ᠪᠠᠷᠢᠵᠤ ᠪᠠᠶᠠᠷᠲᠠᠢ ᠪᠠᠷ᠄ ︽ᠥᠩᠭᠡᠷᠡᠭᠰᠡᠨ ᠳᠤ ᠲᠠᠷᠢᠶᠠᠨ ᠡᠮ ᠢᠶᠠᠨ ᠴᠣᠬᠢᠵᠤ ᠪᠠᠷᠠᠭᠠᠳ ᠯᠣᠩᠬᠤ ᠪᠠᠨ ᠭᠠᠷ ᠤᠨ ᠠᠶ᠎ᠠ ᠪᠠᠷ ᠬᠠᠶᠠᠵᠠᠢ᠂ ᠤᠳᠤ ᠪᠠᠰᠠ ᠶᠠᠭᠤᠮ᠎ᠠ ᠰᠣᠯᠢᠵᠤ ᠪᠣᠯᠤᠨ᠎ᠠ᠂ ᠡᠳᠦᠷ ᠲᠤᠲᠤᠮ ᠤᠨ ᠬᠡᠷᠡᠭᠯᠡᠬᠦ ᠭᠠᠷ ᠤᠬᠢᠶᠠᠬᠤ ᠰᠢᠩᠭᠡᠨ᠂ ᠤᠬᠢᠶᠠᠯᠭ᠎ᠠ ᠶᠢᠨ ᠡᠳ᠋᠂ ᠪᠠᠰᠠ ᠳᠡᠪᠢᠭᠦᠷ ᠰᠣᠯᠢᠵᠤ ᠪᠣᠯᠤᠨ᠎ᠠ ᠭᠡᠵᠦ ᠪᠣᠳᠣᠵᠤ ᠣᠯᠤᠭᠰᠠᠨ ᠦᠭᠡᠢ᠂ ᠮᠠᠰᠢ ᠪᠠᠶᠠᠷᠲᠠᠢ ᠪᠠᠶᠢᠨ᠎ᠠ︕︾ ᠭᠡᠨ᠎ᠡ᠃
   ᠡᠶᠢᠮᠦᠷᠬᠦᠦ ᠬᠤᠪᠢ ᠬᠤᠷᠠᠮᠳᠤᠭᠤᠯᠵᠤ ᠰᠣᠯᠢᠬᠤ ᠵᠠᠭᠪᠤᠷ ᠨᠢ ᠲᠣᠰᠬᠤᠨ ᠤ ᠠᠷᠠᠳ ᠤᠨ ᠣᠷᠣᠯᠴᠠᠬᠤ ᠤᠷᠮ᠎ᠠ  ᠶᠢ ᠬᠥᠭᠵᠢᠭᠡᠭᠰᠡᠨ ᠢᠶᠠᠷ ᠪᠠᠷᠠᠬᠤ ᠥᠬᠡᠶ᠂ ᠨᠠᠩ ᠴᠤ ᠲᠡᠳᠡᠨ ᠳᠤ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠠᠶ᠃ ᠣᠳᠣᠬᠠᠨ ᠳᠤ ᠯᠦᠩ ᠱᠧᠩ ᠲᠣᠰᠬᠤᠨ ᠤ ᠲᠠᠷᠢᠶᠠᠨ ᠭᠠᠵᠠᠷ ᠲᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠬᠠᠷᠠᠭᠳᠠᠬᠤ ᠪᠠᠨ ᠪᠤᠯᠢᠵᠤ᠂ ᠠᠶᠢᠯ ᠲᠣᠰᠬᠤᠨ ᠤ ᠣᠷᠴᠢᠨ ᠲᠣᠭᠤᠷᠢᠨ ᠤᠯᠠᠮ ᠴᠡᠪᠡᠷ ᠲᠡᠭᠰᠢ ᠭᠤᠶᠤ ᠰᠠᠶᠢᠬᠠᠨ ᠪᠣᠯᠵᠠᠢ᠃
   ︽ᠥᠩᠭᠡᠷᠡᠭᠡᠭᠰᠡᠨ ᠳᠤ ᠪᠢᠳᠡ ᠲᠠᠷᠢᠶᠠᠨ ᠡᠮ ᠢᠶᠠᠨ ᠴᠣᠬᠢᠵᠤ ᠪᠠᠷᠠᠭᠰᠠᠨ ᠤ ᠳᠠᠷᠠᠭ᠎ᠠ ᠯᠣᠩᠬᠤ ᠪᠠᠨ ᠭᠠᠷ ᠤᠨ ᠠᠶ᠎ᠠ ᠪᠠᠷ ᠰᠢᠳᠡᠵᠦ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠢᠶᠠᠷ ᠪᠠᠷᠠᠬᠤ ᠦᠭᠡᠢ ᠪᠠᠰᠠ ᠪᠢᠳᠡᠨ ᠤ ᠡᠷᠡᠭᠦᠯ ᠮᠡᠨᠳᠦ ᠶᠢ ᠨᠥᠯᠥᠭᠡᠯᠡᠵᠦ ᠪᠠᠶᠢᠪᠠ᠂ ᠣᠳᠣ ᠡᠨᠡ ᠬᠦ ᠬᠤᠷᠢᠶᠠᠨ ᠠᠪᠬᠤ ᠲᠥᠷᠥᠯ ᠵᠦᠢᠯ ᠲᠠᠢ ᠪᠣᠯᠵᠤ᠂ ᠪᠢᠳᠡ ᠡᠳᠦᠶ ᠲᠡᠳᠦᠶ ᠪᠣᠳᠠᠲᠤ ᠠᠰᠢᠭ ᠬᠦᠷᠲᠡᠭᠰᠡᠨ ᠢᠶᠠᠷ ᠪᠠᠷᠠᠬᠤ ᠦᠭᠡᠢ ᠪᠠᠰᠠ ᠮᠠᠨ ᠤ ᠲᠣᠰᠬᠤᠨ ᠤ ᠣᠷᠴᠢᠨ ᠲᠣᠭᠤᠷᠢᠨ ᠢ ᠬᠠᠮᠠᠭᠠᠯᠠᠵᠤ ᠴᠢᠳᠠᠨ᠎ᠠ᠂ ᠦᠨᠡᠬᠡᠷ ᠨᠢᠭᠡ ᠯᠡ ᠳᠡᠭᠡᠷ᠎ᠡ ᠬᠤᠶᠠᠷ ᠢ ᠪᠦᠲᠦᠭᠡᠪᠡ᠃︾ ᠭᠡᠵᠦ ᠱᠦᠢ ᠴᠢᠤᠸᠠᠨ ᠪᠠᠯᠭᠠᠰᠤᠨ ᠤ ᠯᠦᠩ ᠱᠧᠩ ᠲᠣᠰᠬᠤᠨ ᠤ ᠠᠷᠠᠳ ᠭᠦᠸᠧ ᠬᠤᠩ ᠵᠢᠶᠦ᠋ᠨ ᠢᠨᠢᠶᠡᠮᠰᠦᠭᠯᠡᠨ ᠬᠡᠯᠡᠨ᠎ᠡ᠃
   ᠲᠦᠴᠢᠦᠸᠠᠨ ᠪᠠᠯᠭᠠᠰᠤᠨ ᠤ ᠫᠢᠩ ᠴᠤᠸᠠᠨ ᠲᠣᠰᠬᠤᠨ ᠳᠤ᠂ ᠲᠣᠰ ᠬᠤᠭᠤᠴᠠᠭᠠᠨ ᠤ ᠬᠤᠷᠢᠶᠠᠨ ᠠᠪᠬᠤ ᠠᠵᠢᠯ ᠰᠠᠶ᠋ᠢᠬᠠᠨ ᠳᠠᠭᠤᠰᠴᠤ᠂ ᠲᠣᠰᠬᠤᠨ ᠤ ᠠᠷᠠᠳ ᠲᠣᠭᠲᠠᠭᠰᠠᠨ ᠴᠡᠭ ᠤᠨ ᠬᠤᠭ ᠨᠣᠪᠰᠢ ᠰᠣᠯᠢᠬᠤ ᠬᠡᠲᠦ ᠳᠡᠯᠭᠡᠭᠦᠷ ᠲᠤ ᠳᠠᠪᠤᠰᠤ᠂ ᠼᠤᠤ᠂ ᠵᠢᠶᠠᠩᠶ᠋ᠢᠦ ᠵᠡᠷᠭᠡ ᠠᠮᠲᠠ ᠣᠷᠣᠭᠤᠯᠬᠤ ᠡᠳ᠋ ᠰᠣᠯᠢᠵᠤ ᠠᠪᠴᠠᠶ᠃ ᠡᠯ᠎ᠡ ᠵᠦᠢᠯ  ᠤᠨ ᠲᠠᠷᠢᠶᠠᠨ ᠡᠮ ᠤᠨ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠨᠢᠭᠡᠨᠲᠡ ᠤᠭᠤᠳᠠᠨ ᠳᠤ ᠪᠢᠲᠡᠭᠦᠮᠵᠢᠯᠡᠵᠦ᠂ ᠲᠠᠷᠢ ᠲᠡᠭᠰᠢ ᠲᠣᠰᠬᠤᠨ ᠤ ᠠᠯᠪᠠᠨ ᠭᠡᠷ ᠤᠨ ᠶᠡᠭᠡ ᠬᠦᠷᠢᠶᠡᠨ ᠳᠤ ᠲᠡᠭᠰᠢᠯᠡᠨ ᠲᠠᠯᠪᠢᠵᠤ᠂ ᠲᠡᠷᠭᠡᠨ ᠳᠤ ᠲᠡᠭᠡᠭᠡᠵᠦ ᠪᠠᠯᠭᠠᠰᠤᠨ ᠤ ᠬᠤᠷᠢᠶᠠᠨ ᠠᠪᠬᠤ ᠴᠡᠭ ᠲᠤ ᠬᠦᠷᠭᠡᠬᠦ ᠪᠠᠷ ᠪᠡᠯᠡᠳᠬᠡᠵᠦ ᠪᠠᠶᠢᠨ᠎ᠠ᠃    ︽ᠮᠢᠨᠦ ᠦᠵᠡᠬᠦ ᠪᠠᠷ ᠡᠨᠡ ᠠᠵᠢᠯ ᠮᠠᠰᠢ ᠰᠠᠶᠢᠨ᠂ ᠲᠡᠷᠡ ᠨᠢ ᠪᠢᠳᠡᠨ ᠢ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠠᠳᠬᠠᠯ ᠲᠠᠢ ᠪᠣᠯᠭᠠᠵᠤ᠂ ᠣᠷᠴᠢᠨ ᠲᠣᠭᠤᠷᠢᠨ ᠤ ᠠᠰᠠᠭᠤᠳᠠᠯ ᠢ ᠨᠠᠩ ᠢᠯᠡᠭᠦᠦ ᠠᠩᠬᠠᠷᠬᠤ ᠪᠣᠯᠭᠠᠵᠠᠶ᠃︾ ᠲᠦᠴᠢᠦᠸᠠᠨ ᠪᠠᠯᠭᠠᠰᠤᠨ ᠤ ᠫᠢᠩᠴᠤᠸᠠᠨ ᠲᠣᠰᠬᠤᠨ ᠤ ᠠᠷᠠᠳ ᠶᠠᠩ ᠵᠢᠶᠠᠨ ᠬᠤᠸᠠ᠄ ︽ᠬᠤᠶᠢᠰᠢᠳᠠ ᠡᠶᠢᠮᠦ ᠲᠥᠷᠥᠯ ᠵᠦᠶᠯ ᠨᠠᠩ ᠣᠯᠠᠨ ᠪᠠᠶᠢᠵᠤ᠂ ᠮᠠᠨ ᠤ ᠲᠣᠰᠬᠤᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠬᠤ ᠶᠢ ᠪᠢ ᠬᠦᠰᠡᠵᠦ ᠪᠠᠶᠢᠨ᠎ᠠ︾ ᠭᠡᠪᠡ᠃    ᠵᠢᠦ ᠯᠥᠩ ᠰᠢᠶᠠᠩ ᠤᠨ ᠵᠢᠦ ᠯᠦᠩ ᠲᠣᠰᠬᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠳᠤ ᠲᠦᠰᠢᠭᠯᠡᠨ᠂ ᠨᠠᠮ ᠤᠨ ᠭᠡᠰᠢᠭᠦᠨ ᠢᠶᠠᠷ ᠪᠦᠷᠢᠯᠳᠦᠭᠰᠡᠨ ᠬᠤᠷᠢᠶᠠᠨ ᠠᠪᠬᠤ ᠳᠤᠭᠤᠶᠢᠯᠠᠩ ᠢ ᠪᠠᠶᠢᠭᠤᠯᠵᠤ᠂ ᠵᠢᠦ ᠯᠥᠩ ᠲᠣᠰᠬᠤᠨ ᠤ ᠨᠠᠮ ᠤᠨ ᠡᠭᠦᠷ ᠤᠨ ᠱᠦᠵᠢ ᠯᠢ ᠱᠤᠤ ᠵᠦᠩ ᠦᠷᠭᠦᠯᠵᠢ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠣᠰᠬᠤᠨ ᠤ ᠠᠷᠠᠳ ᠲᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠴᠢᠬᠤᠯᠠ ᠴᠢᠨᠠᠷ ᠢ ᠤᠬᠠᠭᠤᠯᠬᠤ ᠶᠢᠨ ᠬᠠᠮᠲᠤ᠂ ᠲᠤᠬᠠᠢ ᠶᠢᠨ ᠲᠠᠯᠠᠪᠠᠢ ᠳᠤ ᠲᠡᠳᠡᠨ ᠢ ᠵᠢᠯᠣᠭᠤᠳᠤᠨ ᠵᠥᠪ ᠣᠨᠣᠪᠴᠢᠲᠠᠢ ᠲᠠᠯᠪᠢᠭᠰᠠᠨ ᠪᠠᠶᠢᠨ᠎ᠠ᠃
   ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠪᠡᠶ᠎ᠡ ᠪᠠᠷ ᠢᠶᠠᠨ ᠬᠡᠪ ᠲᠦᠷᠢᠮ ᠪᠣᠯᠬᠤ ᠬᠡᠷᠡᠭᠲᠡᠢ᠂ ᠳᠠᠷᠤᠢ ᠲᠦᠷᠦᠭᠦᠯᠡᠨ ᠬᠢᠬᠦ ᠬᠡᠷᠡᠭᠲᠡᠢ᠂ ᠪᠢᠳᠡ ᠥᠪᠡᠷ ᠢᠶᠠᠨ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠳᠡᠷᠭᠡᠳᠡᠬᠢ ᠤᠯᠠᠨ ᠲᠦᠮᠡᠨ ᠢᠶᠠᠨ ᠳᠠᠭᠠᠭᠤᠯᠤᠨ ᠬᠠᠮᠲᠤ ᠪᠠᠷ ᠣᠷᠣᠯᠴᠠᠬᠤ ᠬᠡᠷᠡᠭᠲᠡᠢ᠃ ᠣᠯᠠᠨ ᠢᠶᠠᠷ ᠢᠶᠠᠨ ᠴᠥᠮ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠡᠩᠨᠡᠭᠡᠨ ᠳᠤ ᠣᠷᠣᠯᠴᠠᠪᠠᠯ ᠰᠠᠶ᠋ᠢ ᠪᠥᠬᠦ ᠲᠣᠰᠬᠤᠨ ᠳᠤ ︿ᠬᠥᠮᠦᠨ ᠪᠦᠬᠦᠨ ᠣᠷᠣᠯᠴᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ﹀ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠴᠢᠳᠠᠨ᠎ᠠ᠃︾ ᠭᠡᠵᠦ ᠵᠢᠦ ᠯᠦᠩ ᠰᠢᠶᠠᠩ ᠤᠨ ᠵᠢᠦ ᠯᠦᠩ ᠲᠣᠰᠬᠤᠨ ᠤ ᠨᠠᠮ ᠤᠨ ᠡᠭᠦᠷ ᠤᠨ ᠱᠦᠵᠢ ᠯᠢ ᠱᠤᠤ ᠵᠦᠩ ᠬᠡᠯᠡᠪᠡ᠃    ᠲᠠᠷᠢᠶᠠᠨ ᠡᠮ ᠢ ᠬᠡᠷᠡᠭᠯᠡᠭᠰᠡᠨ ᠤ ᠳᠠᠷᠠᠭ᠎ᠠ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠬᠤᠣᠷ ᠬᠥᠨᠥᠭᠡᠯ ᠨᠢ ᠲᠤᠶᠢᠯ ᠤᠨ ᠶᠡᠭᠡ ᠪᠠᠶᠢᠳᠠᠭ᠂ ᠦᠯᠡᠳᠡᠭᠳᠡᠯ ᠲᠠᠷᠢᠶᠠᠨ ᠡᠮ ᠨᠢ ᠬᠥᠷᠥᠰᠥ ᠰᠢᠷᠣᠶ ᠳᠤ ᠨᠠᠪᠴᠢᠨ ᠣᠷᠣᠬᠤ ᠵᠢᠴᠢ ᠭᠤᠣᠯ ᠤᠨ ᠤᠰᠤᠨ ᠳᠤ ᠬᠤᠯᠢᠯᠳᠤᠨ ᠣᠷᠣᠵᠤ᠂ ᠮᠠᠯ ᠲᠡᠵᠢᠭᠡᠪᠦᠷᠢ ᠶᠢ ᠠᠮᠠᠷᠬᠠᠨ ᠬᠤᠣᠷᠳᠠᠭᠤᠯᠵᠤ ᠂ ᠵᠢᠭᠠᠰᠤ ᠰᠠᠮ ᠬᠤᠷᠣᠬᠠᠢ ᠶᠢ ᠦᠬᠦᠭᠦᠯᠬᠦ ᠶᠢᠨ ᠬᠠᠮᠲᠤ ᠠᠮᠢᠳᠤ ᠪᠣᠳᠠᠰ ᠤᠨ ᠭᠢᠨᠵᠢ ᠳᠤ ᠤᠯᠠᠮ ᠨᠢᠭᠡ ᠠᠯᠬᠤᠮ ᠣᠷᠣᠵᠤ᠂ ᠣᠷᠴᠢᠨ ᠲᠣᠭᠤᠷᠢᠨ ᠤ ᠠᠮᠢᠳᠤ ᠪᠣᠳᠠᠰ ᠪᠣᠯᠤᠨ ᠬᠥᠮᠦᠨ ᠲᠥᠷᠥᠯᠬᠢᠲᠡᠨ ᠤ ᠡᠷᠡᠭᠦᠯ ᠮᠡᠨᠳᠦ ᠳᠤ ᠴᠥᠮ ᠤᠷᠲᠤ ᠬᠤᠭᠤᠴᠠᠭᠠᠨ ᠤ ᠪᠠ ᠳᠠᠯᠳᠠ ᠬᠤᠣᠷ ᠬᠥᠨᠥᠭᠡᠯ ᠲᠠᠢ ᠪᠠᠶᠢᠳᠠᠭ᠃    ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠨᠢ ᠭᠤᠤᠯᠳᠠᠭᠤ ᠰᠦᠯᠢᠶᠣᠣ᠂ ᠰᠢᠯ᠂ ᠬᠥᠩᠭᠡᠨ ᠴᠠᠭᠠᠨ ᠴᠠᠭᠠᠰᠤ ᠵᠡᠷᠭᠡ ᠮᠠᠲ᠋ᠧᠷᠢᠶᠠᠯ ᠤᠨ ᠴᠢᠨᠠᠷ ᠢᠶᠠᠷ ᠭᠤᠤᠯ ᠪᠣᠯᠭᠠᠵᠤ᠂ ᠪᠠᠶᠢᠭᠠᠯᠢ ᠶᠢᠨ ᠣᠷᠴᠢᠨ ᠲᠣᠭᠤᠷᠢᠨ ᠳᠤ ᠵᠠᠳᠠᠷᠠᠬᠤ ᠳᠤ ᠪᠡᠷᠬᠡ ᠪᠠᠶᠢᠵᠤ᠂ ᠳᠤᠷ᠎ᠠ ᠪᠠᠷ ᠢᠶᠠᠨ ᠬᠠᠶᠠᠬᠤ ᠨᠢ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠳᠤ ᠲᠤᠶᠢᠯ ᠤᠨ ᠶᠡᠭᠡ ᠡᠪᠳᠡᠯᠡᠭᠡ ᠤᠴᠠᠷᠠᠭᠤᠯᠵᠤ᠂ ᠡᠮ ᠤᠨ ᠬᠤᠤᠷᠳᠠᠯ ᠠᠮᠠᠷᠬᠠᠨ ᠡᠭᠦᠰᠭᠡᠳᠡᠭ᠂ ᠰᠢᠯ ᠯᠣᠩᠬᠤ ᠨᠢ ᠪᠠᠰᠠ ᠲᠠᠷᠢᠶᠠᠨ ᠭᠠᠵᠠᠷ ᠲᠤ ᠲᠠᠷᠢᠶᠠᠯᠠᠵᠤ ᠪᠠᠶᠢᠭ᠎ᠠ ᠬᠥᠮᠦᠨ ᠮᠠᠯ ᠳᠤ ᠰᠢᠭᠤᠳ ᠬᠤᠤᠷ ᠬᠥᠨᠥᠭᠡᠯ ᠤᠴᠠᠷᠠᠭᠤᠯᠵᠤ ᠮᠡᠳᠡᠨ᠎ᠡ᠂ ᠡᠶᠢᠮᠦ ᠠᠴᠠ ᠪᠢᠳᠡ ᠲᠠᠷᠢᠶᠠᠨ ᠡᠮ ᠤᠨ ᠪᠣᠭᠤᠳᠠᠯ ᠪᠠᠭᠯᠠᠭ᠎ᠠ  ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠢ ᠡᠷᠡᠰ ᠰᠠᠶᠢᠲᠤᠷ ᠬᠢᠬᠦ ᠬᠡᠷᠡᠭᠲᠡᠶ᠃︾ ᠭᠡᠵᠦ ᠵᠢᠦ ᠯᠦᠩ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠮᠠ ᠦ᠋ ᠰᠢᠤᠢ ᠬᠡᠯᠡᠪᠡ᠃    ᠲᠦᠴᠢᠦᠸᠠᠨ ᠰᠢᠶᠠᠨ ᠵᠠᠰᠠᠭ ᠤᠨ ᠣᠷᠳᠣᠨ ᠤ ᠵᠢᠯᠣᠭᠤᠳᠤᠯᠭ᠎ᠠ᠂ ᠲᠤᠰᠬᠤᠨ ᠤ ᠠᠷᠠᠳ ᠤᠨ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠨ᠂ ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠰᠢᠰᠲ᠋ᠧᠮ ᠢ ᠪᠠᠢᠭᠤᠯᠵᠠᠢ᠂ ᠡᠯ᠎ᠡ ᠰᠢᠶᠠᠩ ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡ ᠠᠴᠠ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ ᠬᠠᠷᠢᠭᠤᠴᠠᠵᠤ ᠵᠣᠬᠢᠶᠠᠨ ᠪᠠᠶᠢᠭᠤᠯᠤᠨ᠎ᠠ᠂ ᠵᠥᠭᠡᠭᠡᠬᠦ᠂ ᠲᠥᠪᠯᠡᠷᠡᠭᠦᠯᠦᠨ ᠰᠢᠶᠳᠪᠦᠷᠢᠯᠡᠬᠦ ᠵᠢᠴᠢ ᠠᠮᠤᠷ ᠲᠦᠪᠰᠢᠨ ᠤ ᠮᠡᠷᠭᠡᠵᠢᠯ ᠤᠨ ᠵᠢᠯᠣᠭᠤᠳᠤᠯᠭ᠎ᠠ᠂ ᠡᠯ᠎ᠡ ᠭᠠᠴᠠᠭᠠᠨ ᠤ ᠶᠡᠭᠡ ᠬᠦᠷᠢᠶᠡᠨ ᠳᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ  ᠢ ᠬᠤᠷᠢᠶᠠᠨ ᠠᠪᠬᠤ ᠥᠷᠲᠡᠭᠡ ᠪᠠᠶᠢᠭᠤᠯᠪᠠ᠂ ᠥᠷᠭᠡᠨ ᠣᠯᠠᠨ ᠲᠠᠷᠢᠶᠠᠴᠢᠳ ᠢ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠲᠣᠰᠬᠤᠨ ᠳᠤ ᠬᠦᠷᠭᠡ ᠭᠡᠵᠦ ᠤᠷᠢᠶᠠᠯᠠᠪᠠ᠂ ᠲᠣᠰᠬᠤᠨ ᠠᠴᠠ ᠰᠢᠶᠠᠩ ᠪᠠᠯᠭᠠᠰᠤᠨ ᠤ ᠬᠤᠷᠢᠶᠠᠨ ᠠᠪᠬᠤ ᠴᠡᠭ ᠲᠤ ᠬᠦᠷᠭᠡᠨ᠎ᠡ᠂ ᠳᠠᠷᠠᠭ᠎ᠠ ᠨᠢ ᠰᠢᠶᠠᠩ ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡ ᠠᠴᠠ ᠨᠢᠭᠡᠳᠦᠯᠲᠡᠶ ᠰᠢᠶᠠᠨ ᠤ ᠬᠤᠭ ᠨᠣᠪᠰᠢ ᠰᠢᠶᠳᠪᠦᠷᠢᠯᠡᠬᠦ ᠲᠠᠯᠠᠪᠠᠢ ᠳᠤ ᠵᠥᠭᠡᠭᠡᠪᠦᠷᠢᠯᠡᠨ᠎ᠡ᠂ ᠬᠠᠮᠤᠭ ᠰᠡᠭᠦᠯ ᠳᠤ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠬᠠᠮᠢᠶ᠎ᠠ ᠪᠦᠬᠦᠢ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠨ᠎ᠠ᠂ ᠬᠤᠷᠢᠶᠠᠨ ᠠᠪᠤᠭᠰᠠᠨ ᠲᠠᠷᠢᠶᠠᠨ ᠡᠮ ᠤᠨ ᠪᠠᠭᠯᠠᠭ᠎ᠠ ᠪᠣᠭᠤᠳᠠᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠤᠶᠤ ᠬᠤᠣᠷ ᠦᠭᠡᠶᠢᠵᠢᠬᠦᠯᠦᠨ ᠰᠢᠢᠳᠪᠦᠷᠢᠯᠡᠨ᠎ᠡ᠂ ᠪᠦᠬᠦᠶᠢᠯᠡ ᠬᠤᠷᠢᠶᠠᠨ ᠠᠪᠬᠤ ᠶᠠᠪᠤᠴᠠ ᠳᠤ ︽ᠪᠣᠬᠢᠷᠲᠤᠯ ᠥᠬᠡᠶ ᠪᠢᠲᠡᠭᠦᠦ ᠴᠠᠭᠠᠷᠢᠭ︾ ᠢ ᠪᠦᠷᠢᠯᠳᠦᠭᠦᠯᠵᠡᠶ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠰᠢᠶᠠᠨ ᠤ ᠬᠡᠪᠴᠢᠶᠡᠨ ᠳᠠᠬᠢ 188 ᠲᠣᠰᠬᠤᠨ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠨᠡᠶᠢᠲᠡ 200 ᠭᠠᠷᠤᠶ ᠬᠤᠷᠢᠶᠠᠨ ᠠᠪᠬᠤ ᠥᠷᠲᠡᠭᠡ ᠴᠡᠭ ᠢ ᠪᠠᠶᠢᠭᠤᠯᠵᠤ᠂ ᠡᠯ᠎ᠡ ᠲᠥᠷᠥᠯ ᠤᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠨᠢᠭᠡᠨᠲᠡ 150 ᠲᠣᠨ ᠬᠤᠷᠢᠶᠠᠨ ᠠᠪᠴᠤ᠂ ᠪᠦᠬᠦᠯᠢ ᠴᠣᠭᠴᠠ ᠶᠢᠨ ᠬᠤᠷᠢᠶᠠᠨ ᠠᠪᠬᠤ ᠨᠣᠷᠮ᠎ᠠ ᠨᠢ 95 % ᠠᠴᠠ ᠳᠡᠭᠡᠭᠰᠢ ᠳᠤ ᠬᠦᠷᠴᠡᠶ᠃    ︽ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠷ ᠳᠡᠮᠵᠢᠨ᠂ ᠡᠯ᠎ᠡ ᠲᠣᠰᠬᠤᠨ ᠲᠣᠰ ᠲᠣᠰ ᠤᠨ ᠣᠨᠴᠠᠯᠢᠭ ᠪᠥᠬᠦᠶ ᠬᠤᠷᠢᠶᠠᠨ ᠠᠪᠬᠤ ᠵᠠᠭᠪᠤᠷ ᠢ ᠠᠮᠵᠢᠯᠲᠠᠲᠠᠶ ᠰᠦᠪᠡᠭᠴᠢᠯᠡᠵᠦ᠂ ᠢᠯᠡᠳᠲᠡ ᠦᠷ᠎ᠡ ᠪᠦᠲᠦᠮᠵᠢ ᠣᠯᠵᠠᠶ᠂ ᠡᠲᠡᠭᠡᠷ ᠵᠠᠭᠪᠤᠷ ᠨᠢ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠤᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ᠂ ᠲᠣᠰᠬᠤᠨ ᠤ ᠠᠷᠠᠳ ᠤᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠭᠡᠬᠦ ᠡᠨᠡ ᠬᠦ ᠰᠦᠷᠳᠡᠭᠦᠯᠦᠯ ᠶᠡᠬᠡᠲᠡᠶ ᠲᠠᠷᠢᠶᠠᠨ ᠭᠠᠵᠠᠷ ᠤᠨ ︿ᠬᠤᠤᠷᠲᠠᠶ ᠡᠰ﹀ ᠢ ᠪᠦᠲᠦᠮᠵᠢᠲᠡᠶ ᠠᠷᠢᠯᠭᠠᠪᠠ᠃ ᠡᠨᠡ ᠨᠢ ︿ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ﹀ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠪᠠᠷ ᠪᠠᠷᠠᠬᠤ ᠦᠬᠡᠢ᠂ ᠪᠠᠰᠠ ᠬᠥᠳᠡᠭᠡ ᠠᠵᠤ ᠠᠬᠤᠢ ᠶᠢᠨ ᠪᠣᠬᠢᠷᠲᠤᠯ ᠦᠬᠡᠢ ᠬᠥᠭᠵᠢᠯᠲᠡ ᠶᠢ ᠠᠬᠢᠭᠤᠯᠬᠤ᠂ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠬᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃︾ ᠭᠡᠵᠦ ᠲᠦᠴᠢᠦᠸᠠᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠷᠧᠨ ᠹᠧᠩ ᡁᠢ ᠬᠡᠯᠡᠪᠡ᠃    ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ  ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠷᠢᠶᠠᠨ ᠠᠪᠬᠤ ᠰᠢᠰᠲ᠋ᠧᠮ ᠪᠣᠯᠤᠨ ᠰᠢᠶᠳᠪᠦᠷᠢᠯᠡᠬᠦ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠤᠨ᠎ᠠ᠃ ᠡᠭᠦᠨ ᠤ ᠬᠠᠮᠲᠤ᠂ ᠡᠷᠬᠢᠨ ᠲᠣᠭᠤᠷᠢᠨ ᠤ ᠭᠠᠵᠠᠷ ᠣᠷᠣᠨ  ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠴᠢᠩᠭᠠᠳᠬᠠᠵᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠤᠷ ᠥᠬᠡᠶ ᠪᠣᠯᠭᠠᠨ ᠰᠢᠶᠳᠪᠦᠷᠢᠯᠡᠬᠦ ᠠᠵᠢᠯ ᠢ ᠬᠠᠮᠲᠤ ᠪᠠᠷ ᠠᠬᠢᠭᠤᠯᠵᠤ᠂ ᠬᠥᠷᠥᠰᠥ ᠰᠢᠷᠣᠶ ᠶᠢᠨ ᠠᠮᠤᠷ ᠲᠦᠪᠰᠢᠨ ᠪᠠ ᠠᠮᠤ ᠪᠤᠳᠠᠭᠠᠨ ᠤ ᠦᠶᠯᠡᠳᠪᠦᠷᠢᠯᠡᠯ ᠤᠨ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠵᠤ᠂ ᠲᠠᠷᠢᠶᠠᠯᠠᠩ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠤᠷ ᠢ ᠨᠢᠭᠲᠠ ᠰᠦᠯᠵᠢᠵᠦ᠂ ᠴᠡᠩᠭᠡᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号