ᠬᠦᠷᠦᠯᠴᠡᠬᠦᠯᠤᠭᠡᠳ ᠠᠪᠤᠪᠠᠯ ᠲᠣᠭᠠᠴᠠᠭ᠎ᠠ ᠬᠢᠴᠢᠭᠡᠨ᠎ᠡ᠂ ᠲᠣᠭᠠᠴᠠᠭ᠎ᠠ ᠬᠢᠬᠦ ᠡᠷᠳᠡᠨᠢ ᠶᠢᠨ ᠰᠢᠨ᠎ᠡ ᠴᠢᠳᠠᠮᠵᠢ
ᠨᠡᠶᠢᠲᠡᠯᠡᠭᠰᠡᠨ ᠴᠠᠭ᠄
2024/7/12
   7 ᠰᠠᠷ᠎ᠠ ᠶᠢᠨ 8 ᠤ ᠡᠳᠦᠷ᠂ ︽ᠲᠣᠭᠠᠴᠠᠭ᠎ᠠ ᠬᠢᠬᠦ ᠡᠷᠳᠡᠨᠢ︾ ︵支付宝︶ ᠶᠢᠨ ᠨᠡᠭᠡᠭᠡᠯᠳᠡ ᠬᠢᠬᠦ ᠡᠳᠦᠷ ᠲᠤ᠂ ︽ᠲᠣᠭᠠᠴᠠᠭ᠎ᠠ ᠬᠢᠬᠦ ᠡᠷᠳᠡᠨᠢ︾ ᠨᠢ ᠵᠢᠷᠤᠭᠠᠰᠤᠨ ᠺᠣᠳ᠋ ᠢᠶᠠᠷ ᠵᠣᠭᠤᠰ ᠲᠤᠰᠢᠶᠠᠬᠤ ᠪᠡᠶᠡᠴᠢ ᠣᠶᠢᠯᠠᠭᠠᠯᠲᠠ ᠶᠢ ᠲᠠᠰ ᠳᠡᠪᠰᠢᠭᠦᠯᠵᠦ᠂ ︽ᠬᠦᠷᠦᠯᠴᠡᠬᠦᠯᠤᠭᠡᠳ ᠠᠪᠤᠪᠠᠯ ᠲᠣᠭᠠᠴᠠᠭ᠎ᠠ ᠬᠢᠴᠢᠭᠡᠬᠦ︾ ᠴᠢᠳᠠᠮᠵᠢ ᠲᠠᠢ ᠪᠤᠯᠭᠠᠪᠠ᠂ ᠬᠡᠷᠡᠭᠯᠡᠭᠴᠢ ᠨᠢ ᠵᠣᠭᠤᠰ ᠲᠤᠰᠢᠶᠠᠬᠤ ᠺᠣᠳ᠋ ᠢᠶᠠᠨ ᠭᠠᠷᠭᠠᠵᠤ ᠦᠵᠡᠭᠦᠯᠬᠦ ᠴᠢᠬᠤᠯᠠ ᠥᠬᠡᠶ᠂ ᠭᠠᠷ ᠤᠲᠠᠰᠤ ᠶᠢᠨ ᠢᠶᠠᠨ ᠣᠨᠢᠰᠤ ᠶᠢ ᠲᠡᠶᠢᠯᠵᠦ ᠬᠤᠳᠠᠯᠳᠤᠭᠠᠴᠢᠨ ᠤ ᠵᠣᠭᠤᠰ ᠬᠤᠷᠢᠶᠠᠬᠤ ᠲᠥᠬᠦᠭᠡᠷᠦᠮᠵᠢ ᠳᠤ ᠬᠦᠷᠦᠯᠴᠡᠬᠦᠯᠪᠡᠯ᠂ ᠬᠠᠮᠤᠭ ᠤᠨ ᠲᠦᠷᠭᠡᠨ ᠳᠡᠭᠡᠨ ᠨᠢᠭᠡ ᠯᠡ ᠲᠡᠭᠡᠷ᠎ᠡ ᠵᠣᠭᠤᠰ ᠲᠤᠰᠢᠶᠠᠵᠤ ᠲᠡᠶᠢᠯᠦᠨ᠎ᠡ᠃    ᠰᠤᠷᠪᠤᠯᠵᠢᠯᠠᠭᠴᠢ ᠲᠤᠬᠠᠶ ᠶᠢᠨ ᠭᠠᠵᠠᠷ ᠲᠤᠨᠢ ᠬᠦᠷᠴᠦ ᠣᠶᠢᠯᠠᠭᠠᠭᠰᠠᠨ ᠢᠶᠠᠷ᠂ ᠤᠤᠯ ᠤᠨ ᠬᠡᠷᠡᠭᠯᠡᠵᠦ ᠪᠠᠶᠢᠬᠰᠠᠨ ︽ᠲᠣᠭᠠᠴᠠᠭ᠎ᠠ ᠬᠢᠬᠦ ᠡᠷᠳᠡᠨᠢ︾ ᠶᠢ ᠰᠢᠷᠪᠢᠬᠦ ᠲᠠᠢ ᠬᠠᠷᠢᠴᠠᠭᠤᠯᠪᠠᠯ ᠬᠦᠷᠦᠯᠴᠡᠬᠦᠯᠤᠭᠡᠳ ᠠᠪᠤᠪᠠᠯ ᠲᠣᠭᠠᠴᠠᠭ᠎ᠠ ᠬᠢᠴᠢᠭᠡᠬᠦ ᠨᠢ ᠨᠠᠩ ᠲᠥᠬᠦᠮ ᠪᠥᠭᠡᠳ ᠰᠢᠭᠤᠳ ᠪᠤᠯᠵᠠᠢ᠃ ᠤᠤᠯ ᠨᠢ ᠬᠡᠷᠡᠭᠯᠡᠭᠴᠢ ︽ᠲᠣᠭᠠᠴᠠᠭ᠎ᠠ ᠬᠢᠬᠦ ᠡᠷᠳᠡᠨᠢ︾ App ᠳᠤ ᠤᠷᠤᠬᠰᠠᠨ ᠤ ᠳᠠᠷᠠᠭ᠎ᠠ ᠨᠢ ᠲᠣᠭᠠᠴᠠᠭ᠎ᠠ ᠬᠢᠬᠦ ᠺᠣᠳ᠋ ᠢ ᠲᠤᠪᠰᠢᠵᠦ᠂ ᠲᠣᠭᠠᠴᠠᠭ᠎ᠠ 3 ᠠᠯᠬᠤᠮ ᠢᠶᠠᠷ ᠲᠣᠭᠠᠴᠠᠭ᠎ᠠ ᠬᠢᠵᠦ ᠪᠠᠶᠢᠵᠠᠢ᠂ ᠬᠡᠳᠡᠯ᠎ᠡ ︽ᠲᠣᠭᠠᠴᠠᠭ᠎ᠠ ᠬᠢᠬᠦ ᠡᠷᠳᠡᠨᠢ ᠶᠢᠨ ᠬᠦᠷᠦᠯᠴᠡᠬᠦᠯᠤᠭᠡᠳ ᠠᠪᠤᠪᠠᠯ ᠲᠣᠭᠠᠴᠠᠭ᠎ᠠ ᠬᠢᠴᠢᠭᠡᠬᠦ︾ ᠴᠢᠳᠠᠮᠵᠢ ᠨᠢ ᠬᠠᠮᠤᠭ ᠤᠨ ᠬᠤᠷᠳᠤᠨ ᠳᠠᠭᠠᠨ 1 ᠠᠯᠬᠤᠮ ᠢᠶᠠᠷ ᠲᠣᠭᠠᠴᠠᠭ᠎ᠠ ᠬᠢᠵᠦ ᠳᠠᠭᠤᠰᠬᠠᠳᠠᠭ᠃    ︽ᠬᠡᠷᠡᠭᠯᠡᠭᠴᠢ ᠵᠣᠭᠤᠰ ᠲᠤᠰᠢᠶᠠᠬᠤ ᠺᠣᠳ᠋ ᠢᠶᠠᠨ ᠭᠠᠷᠭᠠᠵᠤ ᠦᠵᠡᠭᠦᠯᠬᠦ ᠴᠢᠬᠤᠯᠠ ᠥᠬᠡᠶ᠂ ᠭᠠᠷ ᠤᠲᠠᠰᠤ  ᠶᠢᠨ ᠢᠶᠠᠨ ᠣᠨᠢᠰᠤ ᠶᠢ ᠲᠡᠶᠢᠯᠵᠦ ᠬᠤᠳᠠᠯᠳᠤᠭᠠᠴᠢᠨ ᠤ ᠵᠣᠭᠤᠰ ᠬᠤᠷᠢᠶᠠᠬᠤ ᠲᠥᠬᠦᠭᠡᠷᠦᠮᠵᠢ ᠳᠤ ᠬᠦᠷᠦᠯᠴᠡᠬᠦᠯᠪᠡᠯ᠂ ᠬᠠᠮᠤᠭ ᠤᠨ ᠲᠦᠷᠭᠡᠨ ᠳᠡᠭᠡᠨ ᠨᠢᠭᠡ ᠯᠡ ᠲᠡᠭᠡᠷ᠎ᠡ ᠵᠣᠭᠤᠰ ᠲᠤᠰᠢᠶᠠᠵᠤ ᠲᠡᠶᠢᠯᠳᠡᠭ︾ ᠭᠡᠵᠦ ᠲᠣᠭᠠᠴᠠᠭ᠎ᠠ ᠬᠢᠬᠦ ᠡᠷᠳᠡᠨᠢ ᠶᠢᠨ ᠦᠢᠯᠡᠳᠬᠦᠨ ᠤ ᠳᠠᠭᠠᠭᠠᠮᠠᠯ ᠭᠤᠤ ᠵᠧᠩ ᠰᠤᠷᠪᠤᠯᠵᠢᠯᠠᠭᠴᠢ ᠳᠤ ᠬᠡᠯᠡᠭᠰᠡᠨ ᠢᠶᠠᠨ ᠵᠠᠯᠭᠠᠭᠠᠳ᠂ ᠲᠣᠭᠠᠴᠠᠭ᠎ᠠ ᠬᠢᠬᠦ ᠡᠷᠳᠡᠨᠢ ᠶᠢᠨ ᠭᠠᠷᠭᠠᠭᠰᠠᠨ ︽ᠬᠦᠷᠦᠯᠴᠡᠬᠦᠯᠤᠭᠡᠳ ᠠᠪᠤᠪᠠᠯ ᠲᠣᠭᠠᠴᠠᠭ᠎ᠠ ᠬᠢᠴᠢᠭᠡᠬᠦ︾ ᠴᠢᠳᠠᠮᠵᠢ ᠨᠢ ᠺᠣᠳ᠋ ᠰᠢᠷᠪᠢᠵᠦ ᠲᠣᠭᠠᠴᠠᠭ᠎ᠠ ᠬᠢᠬᠦ᠂ ᠨᠢᠭᠤᠷ ᠢᠶᠠᠨ ᠰᠢᠷᠪᠢᠵᠦ ᠲᠣᠭᠠᠴᠠᠭ᠎ᠠ ᠬᠢᠬᠦ ᠵᠡᠷᠭᠡ ᠴᠢᠳᠠᠮᠵᠢ  ᠲᠠᠢ ᠴᠤᠭᠭᠠᠷ ᠬᠡᠷᠡᠭᠯᠡᠭᠴᠢᠳ ᠲᠤ ᠨᠠᠩ ᠰᠠᠶᠢᠨ ᠲᠣᠭᠠᠴᠠᠭ᠎ᠠ ᠬᠢᠬᠦ ᠣᠶᠢᠯᠠᠭᠠᠯᠲᠠ ᠶᠢ ᠠᠪᠴᠢᠷᠠᠵᠤ᠂ ᠨᠠᠩ ᠣᠯᠠᠨ ᠡᠰᠢᠴᠢᠯᠡᠭᠰᠡᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ᠂ ᠢᠷᠡᠭᠡᠳᠦᠶ ᠶᠢᠨ ᠲᠣᠭᠠᠴᠠᠭ᠎ᠠ ᠬᠢᠬᠦ ᠪᠠ ᠲᠤᠭᠠᠵᠢᠭᠤᠯᠤᠭᠰᠠᠨ ᠬᠥᠭᠵᠢᠯᠲᠡ ᠳᠤ ᠨᠠᠩ ᠣᠯᠠᠨ ᠪᠣᠯᠤᠯᠴᠠᠭ᠎ᠠ ᠣᠯᠭᠤᠬᠤ ᠪᠣᠯᠤᠨ᠎ᠠ ᠭᠡᠵᠦ ᠬᠡᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号