ᠠᠯᠪᠠᠳᠠᠯᠭ᠎ᠠ ᠪᠠᠷ ᠬᠡᠷᠡᠭᠵᠢᠭᠦᠯᠦᠨ᠎ᠡ︕ ᠠᠮᠤᠷ ᠲᠦᠪᠰᠢᠨ ᠲᠠᠢ ᠴᠢᠨᠢ ᠬᠤᠯᠪᠣᠭᠳᠠᠨ᠎ᠠ︕
ᠨᠡᠶᠢᠲᠡᠯᠡᠭᠰᠡᠨ ᠴᠠᠭ᠄
2024/7/12
   ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠲᠦᠭᠰᠢᠭᠦᠷᠢ ᠪᠠᠷ ᠨᠡᠯᠢᠶᠡᠳ ᠥᠨᠳᠥᠷ᠂ ᠬᠡᠷᠡᠭᠯᠡᠭᠴᠢᠳ ᠤᠨ ᠠᠩᠬᠠᠷᠴᠤ ᠪᠠᠶᠢᠭ᠎ᠠ ᠰᠢᠲᠠᠮᠠᠬᠠᠢ ᠬᠡᠢ ᠶᠢᠨ ᠬᠡᠷᠡᠭᠰᠡᠯ ᠢ ᠵᠠᠯᠭᠠᠬᠤ ᠵᠥᠭᠡᠯᠡᠨ ᠬᠤᠭᠤᠯᠠᠢ᠂ ᠰᠢᠲᠠᠮᠠᠬᠠᠢ ᠬᠡᠢ ᠶᠢᠨ ᠪᠠᠴᠢᠮ ᠲᠠᠰᠤᠯᠬᠤ ᠨᠡᠭᠡᠯᠡᠭᠡᠢ ᠳᠤ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠭᠡᠷᠡᠴᠢᠯᠡᠯ ︵CCC ᠭᠡᠷᠡᠴᠢᠯᠡᠯ︶ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠪᠣᠯᠪᠠ᠂ 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠭᠡᠷᠡᠴᠢᠯᠡᠯ ᠤᠨ ᠨᠠᠶᠢᠳᠠᠯᠭ᠎ᠠ ᠶᠢ ᠭᠥᠯᠢᠶᠡᠨ ᠠᠪᠴᠤ᠂ 2025 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠠᠯᠪᠠᠳᠠᠯᠭ᠎ᠠ ᠪᠠᠷ ᠬᠡᠷᠡᠭᠵᠢᠭᠦᠯᠦᠨ᠎ᠡ᠃ ᠣᠳᠣᠬᠠᠨ ᠳᠤ᠂ CCC ᠭᠡᠷᠡᠴᠢᠯᠡᠯ ᠤᠨ ᠭᠠᠷᠴᠠᠭ ᠲᠤ ᠨᠢᠭᠡᠨᠲᠡ ᠬᠤᠳᠠᠯᠳᠤᠭᠠᠨ ᠳᠤ ᠬᠡᠷᠡᠭᠯᠡᠬᠦ ᠰᠢᠲᠠᠮᠠᠬᠠᠢ ᠬᠡᠢ ᠶᠢᠨ ᠰᠢᠲᠠᠯᠲᠠ ᠶᠢᠨ ᠪᠠᠭᠠᠵᠢ ᠬᠡᠷᠡᠭᠰᠡᠯ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠰᠢᠲᠠᠯᠲᠠ ᠶᠢᠨ ᠪᠠᠭᠠᠵᠢ ᠬᠡᠷᠡᠭᠰᠡᠯ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠤᠰᠤ ᠬᠠᠯᠠᠭᠠᠭᠤᠷ᠂ ᠰᠢᠲᠠᠮᠠᠬᠠᠢ ᠬᠡᠢ ᠶᠢᠨ ᠳᠤᠯᠠᠭᠠᠯᠠᠭ᠎ᠠ ᠶᠢᠨ ᠬᠠᠯᠠᠭᠤᠨ ᠤᠰᠤᠨ ᠤ ᠵᠤᠤᠬ᠎ᠠ ᠵᠡᠷᠭᠡ ᠰᠢᠲᠠᠮᠠᠬᠠᠢ ᠬᠡᠢ ᠶᠢᠨ ᠬᠡᠷᠡᠭᠰᠡᠯ ᠢ ᠬᠠᠮᠤᠷᠴᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号