ᠡᠨᠡ ᠤᠴᠢᠷ ᠮᠠᠰᠢ ᠴᠢᠬᠤᠯᠠ᠂ ᠵᠠᠪᠠᠯ ᠢᠳᠬᠠᠬᠤ ᠶᠢ ᠰᠣᠨᠣᠰᠬᠤ ᠬᠡᠷᠡᠭᠲᠡᠶ︕
ᠨᠡᠶᠢᠲᠡᠯᠡᠭᠰᠡᠨ ᠴᠠᠭ᠄
2024/7/12
   ᠦᠶᠡᠷ ᠤᠨ ᠬᠤᠭᠤᠴᠠᠭᠠᠨ ᠳᠤ ᠪᠥᠬᠦ ᠲᠠᠯ᠎ᠠ ᠪᠠᠷ ᠣᠷᠣᠭᠰᠠᠨ ᠠᠴᠠ ᠨᠠᠭᠠᠰᠢ ᠵᠠᠷᠢᠮ ᠭᠠᠵᠠᠷ ᠤᠨ ᠬᠤᠷ᠎ᠠ ᠲᠣᠨᠣᠳᠠᠰᠤ ᠶᠢᠨ ᠬᠡᠮᠵᠢᠶ᠎ᠡ ᠶᠡᠭᠡᠳᠡᠵᠦ᠂ ᠦᠷᠭᠦᠯᠵᠢᠯᠡᠬᠦ ᠴᠠᠭ ᠨᠢ ᠣᠷᠳᠣ ᠪᠠᠶᠢᠵᠤ᠂ ᠵᠠᠷᠢᠮ ᠭᠠᠵᠠᠷ ᠣᠷᠣᠨ ᠳᠤ ᠦᠶᠡᠷ ᠤᠰᠤᠲᠤᠯ ᠪᠠ ᠭᠠᠵᠠᠷ ᠤᠨ ᠭᠠᠮᠰᠢᠭ ᠭᠠᠷᠴᠤ ᠪᠠᠶᠢᠨ᠎ᠠ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠳᠦᠷᠢᠮ︾ ᠤᠨ ᠠᠷᠪᠠᠨ ᠨᠠᠢᠮᠠᠳᠤᠭᠠᠷ ᠵᠦᠢᠯ ᠳᠤ᠂ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠬᠢᠯᠪᠠᠷᠬᠠᠨ ᠭᠠᠷᠬᠤ ᠭᠠᠵᠠᠷ ᠣᠷᠣᠨ ᠤ ᠲᠤᠬᠠᠢ ᠶᠢᠨ ᠭᠠᠵᠠᠷ ᠤᠨ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠦᠶᠡᠷ ᠢ ᠰᠡᠷᠭᠡᠶᠢᠯᠡᠬᠦ ᠬᠢᠨᠠᠨ ᠰᠢᠯᠭᠠᠬᠴᠢ ᠭᠠᠷᠭᠠᠵᠤ ᠴᠠᠭ ᠳᠠᠷᠤᠶ ᠳᠤᠨᠢ ᠬᠢᠨᠠᠨ ᠬᠡᠮᠵᠢᠯᠳᠡ ᠬᠢᠵᠦ᠂ ᠪᠣᠷᠣᠭᠠᠨ ᠤ ᠤᠯᠠᠷᠢᠯ ᠢᠷᠡᠬᠦ ᠠᠴᠠ ᠡᠮᠦᠨ᠎ᠡ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠣᠨ ᠣᠷᠳᠣᠨ ᠤ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠨᠢ ᠬᠤᠯᠪᠣᠭᠳᠠᠯ ᠪᠥᠬᠦᠢ ᠨᠢᠭᠡᠴᠡ ᠶᠢ ᠵᠣᠬᠢᠶᠠᠨ ᠪᠠᠶᠢᠭᠤᠯᠤᠨ ᠠᠶᠤᠯ ᠥᠭᠡᠢ ᠶᠢᠨ ᠪᠠᠶᠢᠴᠠᠭᠠᠯᠲᠠ ᠬᠢᠵᠦ᠂ ᠠᠶᠤᠯ ᠲᠦᠭᠰᠢᠭᠦᠷᠢ ᠶᠢᠨ ᠰᠢᠨᠵᠢ ᠲᠡᠮᠳᠡᠭ ᠨᠢ ᠢᠯᠡᠷᠬᠡᠢ ᠪᠠᠶᠢᠭ᠎ᠠ ᠭᠠᠵᠠᠷ ᠣᠷᠣᠨ ᠤ ᠤᠯᠠᠨ ᠲᠦᠮᠡᠨ ᠢ ᠠᠶᠤᠯ ᠲᠦᠭᠰᠢᠭᠦᠷᠢᠲᠦ ᠣᠷᠣᠨ ᠠᠴᠠ ᠴᠠᠭ ᠲᠤᠬᠠᠢ ᠳᠤᠨᠢ ᠵᠠᠶᠢᠯᠠᠭᠤᠯᠬᠤ ᠬᠡᠷᠡᠭᠲᠡᠢ ᠭᠡᠵᠦ ᠲᠤᠬᠳᠠᠭᠠᠪᠠ᠂ ᠠᠩᠬᠠᠷᠤᠭᠤᠰᠢᠳᠠᠢ ᠨᠢ᠂ ᠪᠣᠳᠠᠲᠠᠢ ᠠᠵᠢᠯ ᠤᠨ ᠳᠤᠮᠳᠠ ᠰᠢᠯᠵᠢᠭᠦᠯᠦᠨ ᠲᠥᠪᠬᠢᠨᠡᠭᠦᠯᠦᠭᠳᠡᠭᠰᠡᠨ ᠬᠥᠮᠦᠰ ᠨᠢ ᠦᠷᠭᠦᠯᠵᠢ ᠭᠡᠷ ᠤᠨ ᠢᠶᠠᠨ ᠵᠣᠭᠤᠰ ᠮᠥᠩᠭᠦ ᠡᠳ᠋ ᠪᠣᠳᠠᠰ ᠰᠦᠢᠳᠦᠬᠦ ᠠᠴᠠ ᠰᠠᠨᠠᠭ᠎ᠠ ᠪᠤᠯᠬᠤ ᠪᠤᠶᠤ ᠢᠳᠡᠵᠦ ᠤᠤᠭᠤᠬᠤ ᠠᠮᠠᠷᠠᠬᠤ ᠪᠠᠳᠤᠯᠠᠭ᠎ᠠ ᠶᠢᠨ ᠠᠰᠠᠭᠤᠳᠠᠯ ᠵᠡᠷᠭᠡ  ᠶᠢᠨ ᠲᠦᠯᠦᠭᠡ ᠰᠡᠳᠬᠢᠯ ᠵᠤᠪᠠᠵᠤ᠂ ᠭᠠᠢ ᠭᠠᠮᠰᠢᠭ ᠤᠨ ᠠᠶᠤᠯ ᠲᠦᠭᠰᠢᠭᠦᠷᠢ ᠬᠠᠷᠠᠬᠠᠨ ᠠᠷᠢᠯᠬᠤ ᠠᠴᠠ ᠡᠮᠦᠨ᠎ᠡ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠳᠤᠷ᠎ᠠ ᠪᠠᠷ ᠢᠶᠠᠨ ᠭᠡᠷ ᠲᠡᠭᠡᠨ ᠬᠠᠷᠢᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠪᠠᠶᠢᠳᠠᠯ ᠭᠠᠷᠭᠠᠵᠤ ᠪᠠᠶᠢᠨ᠎ᠠ᠃ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠭᠠᠰᠢ ᠨᠡᠯᠢᠶᠡᠳ ᠰᠢᠷᠦᠭᠦᠨ ᠪᠣᠷᠣᠭᠠᠨ ᠤᠷᠤᠭᠰᠠᠨ ᠪᠤᠶᠤ ᠦᠷᠭᠦᠯᠵᠢᠯᠡᠨ ᠪᠣᠷᠣᠭᠠᠨ ᠤᠷᠤᠬᠰᠠᠨ ᠠᠴᠠ ᠪᠤᠯᠵᠤ ᠠᠭᠤᠯᠠᠨ ᠦᠶᠡᠷ᠂ ᠪᠠᠯ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠡᠭᠦᠰᠦᠮᠡᠯ ᠭᠠᠮᠰᠢᠭ ᠭᠠᠷᠴᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠂ ᠬᠡᠷᠬᠢᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠪᠤᠢ︖ ︽ᠪᠤᠯᠬᠤ ᠦᠭᠡᠢ︾ ᠬᠢᠵᠦ ᠬᠦᠢᠴᠡᠳᠭᠡᠭᠡᠷᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号