ᠬᠠᠮᠤᠭ ᠤᠨ ᠰᠢᠨ᠎ᠡ ᠮᠡᠳᠡᠭᠡ︕ ᠦᠷᠭᠦᠯᠵᠢ ᠬᠠᠷᠠᠭᠳᠠᠳᠠᠭ ᠡᠶᠢᠮᠦ ᠡᠮ ᠢ ᠤᠤᠭᠤᠬᠰᠠᠨ ᠤ ᠬᠤᠶᠢᠨ᠎ᠠ ᠲᠡᠷᠭᠡ ᠵᠢᠯᠣᠭᠤᠳᠴᠤ ᠪᠣᠯᠬᠤ ᠦᠭᠡᠢ︕
ᠨᠡᠶᠢᠲᠡᠯᠡᠭᠰᠡᠨ ᠴᠠᠭ᠄
2024/7/12
   ᠣᠶᠢᠷ᠎ᠠ ᠳᠤ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠤᠷ ᠤᠨ ᠪᠤᠰᠤ ᠬᠤᠯᠢᠮᠠᠭ ᠨᠠᠶᠢᠷᠠᠯᠭ᠎ᠠ ᠲᠠᠢ ᠲᠠᠭᠰᠢᠭᠤᠷ ᠤᠨ ᠡᠮ ᠬᠢᠭᠡᠳ ᠵᠣᠷ ᠤᠨ ᠡᠮ ᠤᠨ ᠲᠣᠳᠣᠷᠬᠠᠶᠢᠯᠠᠯᠲᠠ ᠳᠤ ᠵᠠᠰᠠᠪᠤᠷᠢ ᠣᠷᠣᠭᠤᠯᠬᠤ ᠲᠤᠬᠠᠢ ᠱᠠᠭᠠᠷᠳᠠᠯᠭ᠎ᠠ ᠶᠢ ᠨᠡᠶᠢᠳᠡᠯᠡᠵᠦ᠂ ᠬᠤᠯᠢᠮᠠᠭ ᠨᠠᠶᠢᠷᠠᠯᠭ᠎ᠠ ᠲᠠᠢ ᠲᠠᠭᠰᠢᠭᠤᠷ ᠤᠨ ᠡᠮ ᠤᠨ ᠰᠡᠷᠡᠮᠵᠢᠯᠡᠬᠦᠯᠬᠦ ᠦᠭᠡ᠂ ᠴᠡᠭᠡᠷ᠂ ᠮᠠᠭᠤ ᠲᠤᠰᠬᠠᠯ᠂ ᠠᠩᠬᠠᠷᠬᠤ ᠵᠦᠢᠯᠡᠰ ᠲᠤ ᠨᠢᠭᠡᠳᠦᠯᠲᠡᠶ ᠵᠠᠰᠠᠪᠤᠷᠢ ᠣᠷᠣᠭᠤᠯᠤᠨ᠎ᠡ ᠬᠡᠰᠡᠨ ᠪᠦᠭᠡᠳ ᠵᠠᠰᠠᠪᠤᠷᠢ ᠣᠷᠣᠭᠤᠯᠬᠤ ᠱᠠᠭᠠᠷᠳᠠᠯᠭ᠎ᠠ ᠳᠠᠭᠠᠨ ︽ᠰᠡᠷᠡᠮᠵᠢᠯᠡᠭᠦᠯᠬᠦ ᠦᠭᠡ︾  ᠳᠤ ᠠᠷᠢᠬᠢ ᠤᠤᠭᠤᠬᠤ ᠪᠠ ᠲᠡᠷᠭᠡ ᠵᠢᠯᠣᠭᠤᠳᠴᠤ ᠪᠣᠯᠬᠤ ᠥᠬᠡᠶ ᠭᠡᠵᠦ ᠱᠠᠭᠠᠷᠳᠠᠵᠠᠢ᠃ᠵᠣᠷ ᠤᠨ ᠡᠮ ᠪᠠ ᠵᠣᠷ ᠤᠨ ᠪᠤᠰᠤ ᠡᠮ ᠳᠤ ᠵᠠᠰᠠᠪᠤᠷᠢ ᠣᠷᠣᠭᠤᠯᠬᠤ ᠱᠠᠭᠠᠷᠳᠠᠯᠭ᠎ᠠ ᠶᠢᠨ ᠳᠣᠲᠣᠷ᠎ᠠ᠂ ︽ᠰᠡᠷᠡᠮᠵᠢᠯᠡᠭᠦᠯᠬᠦ ᠦᠭᠡ︾ ᠳᠤ ᠴᠥᠮ ᠳᠤᠤᠷᠠᠬᠢ ᠠᠭᠤᠯᠭ᠎ᠠ᠄ ᠬᠤᠯᠢᠮᠠᠭ ᠨᠠᠶᠢᠷᠠᠯᠭ᠎ᠠ ᠲᠠᠢ ᠲᠠᠭᠰᠢᠭᠤᠷ ᠤᠨ ᠡᠮ ᠳᠤ ᠠᠼᠤᠲ᠋ᠢᠯ ᠠᠮᠢᠨᠣ᠋ ᠹᠧᠨᠤᠯ᠂ ᠮᠠᠯᠠᠶ ᠬᠦᠴᠢᠯ ᠤᠨ ᠾᠯᠣᠷᠲᠤ ᠹᠧᠨᠠᠮᠢᠨ᠂ ᠺᠤᠹᠧᠶᠢᠨ ᠠᠭᠤᠯᠵᠦ ᠪᠤᠢ᠃ ᠲᠣᠰ ᠡᠮ ᠢ ᠤᠤᠭᠤᠵᠤ ᠪᠠᠶᠢᠭ᠎ᠠ ᠬᠤᠭᠤᠴᠠᠭᠠᠨ ᠳᠤ ᠠᠷᠢᠬᠢ ᠪᠤᠶᠤ ᠰᠫᠢᠷᠲ ᠠᠭᠤᠯᠤᠭᠰᠠᠨ ᠤᠮᠳᠠᠭᠠᠨ ᠤᠤᠭᠤᠵᠤ ᠪᠣᠯᠬᠤ ᠦᠭᠡᠢ︔ ᠲᠤᠰ ᠡᠮ ᠤᠨ ᠪᠦᠷᠢᠯᠳᠦᠬᠦᠨ ᠲᠠᠢ ᠠᠳᠠᠯᠢᠪᠲᠤᠷ ᠪᠤᠰᠤᠳ ᠲᠠᠭᠰᠢᠭᠤᠷ ᠢ ᠡᠰᠡᠷᠭᠦᠴᠡᠬᠦ ᠡᠮ ᠢ ᠬᠠᠮᠲᠤ ᠳᠤᠨᠢ ᠤᠤᠭᠤᠵᠤ ᠪᠣᠯᠬᠤ ᠦᠭᠡᠢ︔ ᠡᠮ ᠤᠤᠭᠤᠵᠤ ᠪᠠᠶᠢᠭ᠎ᠠ ᠬᠤᠭᠤᠴᠠᠭᠠᠨ ᠳᠤ ᠨᠢᠰᠬᠡᠯ᠂ ᠲᠡᠷᠭᠡ᠂ ᠣᠩᠭᠤᠴᠠ ᠵᠢᠯᠤᠭᠤᠳᠴᠤ ᠪᠤᠯᠬᠤ ᠦᠭᠡᠢ᠂ ᠥᠨᠳᠥᠷ ᠳᠡᠭᠡᠷ᠎ᠡ ᠠᠵᠢᠯᠯᠠᠬᠤ᠂ ᠮᠧᠬᠠᠨᠢᠭ ᠢᠶᠠᠷ ᠠᠵᠢᠯᠯᠠᠬᠤ ᠵᠢᠴᠢ ᠨᠠᠷᠢᠯᠢᠭ ᠬᠡᠮᠵᠢᠭᠦᠷᠯᠢᠭ ᠢᠶᠠᠷ ᠠᠵᠢᠯᠯᠠᠬᠤ ᠮᠠᠰᠢᠨ ᠵᠢᠯᠣᠭᠤᠳᠴᠤ ᠪᠣᠯᠬᠤ ᠦᠭᠡᠢ ᠬᠡᠰᠡᠨ ᠠᠭᠤᠯᠭ᠎ᠠ ᠶᠢ ᠨᠡᠮᠡᠬᠦ ᠶᠢ ᠱᠠᠭᠠᠷᠳᠠᠵᠠᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号