︽ᠲᠠᠩᠰᠤᠭ ᠰᠠᠶᠢᠬᠠᠨ ᠤᠮᠠᠷᠠᠲᠤ ᠬᠢᠯᠢ ᠶᠢᠨ ︿ᠰᠤᠶᠤᠯ﹀ ᠢᠶᠠᠷ ᠲᠦᠴᠢᠦᠸᠠᠨ ᠬᠤᠲᠠ ᠶᠢ ᠲᠤᠯᠠᠭᠠᠯᠠᠬᠤ ︾ ᠰᠢᠷᠢᠰ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2024/7/13
   ᠤᠮᠠᠷᠠᠲᠤ ᠬᠢᠯᠢ ᠶᠢᠨ ᠰᠣᠶᠣᠯ ᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠪᠠᠷ ᠭᠤᠤᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠪᠠᠷ ᠣᠶᠤᠨ ᠰᠠᠨᠠᠭᠠᠨ ᠤ ᠪᠡᠯᠭᠡ ᠲᠡᠮᠳᠡᠭ ᠪᠤᠯᠭᠠᠵᠦ᠂ 7 ᠰᠠᠷ᠎ᠠ ᠶᠢᠨ 11 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠴᠢᠦᠸᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠴᠡᠴᠡᠷᠯᠢᠭ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠩᠰᠤᠭ ᠰᠠᠶᠢᠬᠠᠨ ᠤᠮᠠᠷᠠᠲᠤ ᠬᠢᠯᠢ ᠶᠢᠨ ︿ᠰᠤᠶᠤᠯ﹀ ᠢᠶᠠᠷ ᠲᠦᠴᠢᠦᠸᠠᠨ ᠬᠤᠲᠠ ᠶᠢ ᠲᠤᠯᠠᠭᠠᠯᠠᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ  ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠶ ᠮᠡᠳᠡᠷᠡᠮᠵᠢ ᠶᠢ ᠨᠡᠮᠡᠭᠳᠡᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢᠯᠡᠭᠡᠨ ᠤ ᠠᠵᠢᠯᠲᠠᠳ ᠲᠤᠬᠠᠢ ᠶᠢᠨ ᠲᠠᠯᠠᠪᠠᠢ ᠳᠤ ᠣᠯᠠᠨ ᠲᠦᠮᠡᠨ ᠳᠤ ᠴᠢᠰᠤᠨ ᠳᠠᠷᠤᠯᠲᠠ᠂ ᠴᠢᠰᠤᠨ ᠰᠢᠬᠢᠷ ᠤᠨ ᠬᠡᠮᠵᠢᠯᠲᠡ ᠵᠡᠷᠭᠡ ᠠᠯᠪᠠᠨ ᠵᠢᠷᠤᠮ ᠤᠨ ᠡᠮᠴᠢᠯᠡᠭᠡᠨ ᠤ ᠦᠶᠯᠡᠴᠢᠯᠡᠭᠡ ᠬᠢᠵᠦ᠂ ᠰᠠᠶᠢᠨ ᠳᠤᠷᠠᠴᠤᠳ ᠬᠢᠭᠡᠳ ᠰᠠᠭᠤᠭᠠᠯᠢ ᠠᠷᠠᠳ ᠲᠠᠢ ᠵᠣᠭᠤᠭᠳᠠᠨ ᠶᠠᠷᠢᠯᠴᠠᠵᠤ᠂ ᠰᠦᠯᠵᠢᠶᠡᠨ ᠤ ᠮᠡᠳᠡᠯᠭᠡ᠂ ᠬᠠᠤᠯᠢ ᠲᠦᠭᠡᠮᠡᠯᠵᠢᠭᠦᠯᠬᠦ᠂ ᠬᠡᠪᠯᠡᠯ ᠤᠨ ᠡᠷᠬᠡ᠂ ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ ᠃ ︽ᠦᠨᠳᠦᠰᠦᠲᠡᠨ ᠤ ᠪᠦᠯᠬᠦᠮᠳᠡᠯ ᠤᠨ ᠵᠢᠵᠢᠭ ᠥᠯᠢᠭᠡᠷ ᠢ ᠤᠬᠠᠭᠤᠯᠤᠨ ᠲᠠᠶᠢᠯᠪᠤᠷᠢᠯᠠᠬᠤ︾᠂ ︽ᠨᠡᠷᠡᠬᠦᠢ ᠨᠢᠳᠤᠷᠭ᠎ᠠ ᠶᠢᠨ ᠲᠣᠭᠯᠠᠯᠲᠠ︾᠂ ︽ᠬᠤᠪᠢᠰᠬᠠᠯ ᠤᠨ ᠥᠯᠢᠭᠡᠷ ᠢ ᠤᠬᠠᠭᠤᠯᠤᠨ ᠲᠠᠶᠢᠯᠪᠤᠷᠢᠯᠠᠬᠤ︾ ᠵᠡᠷᠭᠡ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠡᠭᠦᠨ ᠳᠤ ᠬᠤᠪᠢᠰᠬᠠᠯ ᠤᠨ ᠥᠯᠢᠭᠡᠷ ︽ᠸᠠᠩ ᠡᠯ ᠰᠢᠶᠤᠤ ᠦᠬᠡᠷ ᠬᠠᠷᠢᠭᠤᠯᠤᠭᠰᠠᠨ ᠨᠢ︾ ᠨᠢ ᠨᠠᠩ ᠴᠤ ᠲᠠᠶᠢᠰᠠᠨ ᠳᠣᠤᠷᠠᠬᠢ ᠦᠵᠡᠭᠴᠢᠳ ᠤᠨ ᠠᠯᠠᠭ᠎ᠠ ᠲᠡᠰᠢᠯᠲᠡ ᠶᠢ ᠲᠠᠰᠤᠷᠠᠯᠲᠠ ᠥᠬᠡᠶ ᠡᠭᠦᠰᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠶ᠃
   ︽ᠥᠨᠥᠳᠦᠷ ᠪᠢ ᠴᠡᠴᠡᠷᠯᠢᠭ ᠲᠤ ᠲᠣᠭᠤᠷᠢᠬᠤ ᠪᠠᠷ ᠢᠷᠡᠵᠦ᠂ ᠲᠣᠭᠯᠠᠯᠲᠠ ᠳᠤ ᠠᠮᠵᠢᠵᠠᠢ᠂ ᠲᠣᠭᠯᠠᠯᠲᠠ ᠨᠢ ᠲᠤᠩ ᠠᠷᠪᠢᠨ᠂ ︽ᠸᠠᠩ ᠡᠯ ᠰᠢᠶᠤᠤ ᠦᠬᠡᠷ ᠬᠠᠷᠢᠭᠤᠯᠤᠭᠰᠠᠨ ᠨᠢ︾ ᠭᠡᠳᠡᠭ ᠡᠨᠡ ᠲᠣᠭᠯᠠᠯᠲᠠ ᠨᠢ ᠲᠤᠩ ᠰᠠᠶᠢᠨ ᠂ ᠪᠠᠰᠠ ᠨᠠᠳᠠ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠬᠡᠮᠵᠢᠵᠦ ᠥᠭᠴᠡᠢ᠂ ᠰᠡᠭᠦᠯᠡᠷ ᠡᠶᠢᠮᠦ ᠬᠥᠳᠡᠯᠭᠡᠭᠡᠨ ᠢ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ᠃︾ ᠭᠡᠵᠦ ᠰᠠᠭᠤᠭᠠᠯᠢ ᠠᠷᠠᠳ ᠵᠧᠩ ᠬᠦᠢ ᠴᠢᠦ ᠬᠡᠯᠡᠪᠡ᠃
   ᠠᠮᠢᠳᠤᠷᠠᠯ ᠤᠨ ᠦᠢᠯᠡᠴᠢᠯᠡᠭᠡ ᠠᠴᠠ ᠡᠷᠡᠭᠦᠯ ᠮᠡᠨᠳᠦ ᠶᠢᠨ ᠪᠠᠶᠢᠴᠠᠭᠠᠯᠲᠠ ᠬᠦᠷᠲᠡᠯ᠎ᠡ᠂ ᠬᠠᠯᠠᠭᠤᠨ ᠳᠤᠯᠠᠭᠠᠨ ᠦᠢᠯᠡᠴᠢᠯᠡᠭᠡ ᠠᠴᠠ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠦᠷᠲᠡᠯ᠎ᠡ ᠭᠤᠶᠢᠳᠠ ᠰᠠᠶᠢᠬᠠᠨ ᠠᠵᠢᠯᠯᠠᠭ᠎ᠠ ᠨᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠴᠤ ᠠᠮᠢᠯᠠᠭᠤᠯᠵᠤ ᠬᠥᠭᠵᠢᠭᠡᠵᠡᠢ᠃
   ︽ᠵᠠᠯᠭᠠᠭᠠᠳ ᠤᠬᠠᠭᠤᠯᠬᠤ ᠬᠡᠯᠲᠡᠰ ᠠᠴᠠ ᠡᠶᠢᠮᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠶ ᠮᠡᠳᠡᠷᠡᠮᠵᠢ ᠶᠢ ᠦᠨᠡᠨ ᠬᠦ ᠨᠡᠮᠡᠭᠳᠡᠭᠦᠯᠵᠦ᠂ ᠰᠣᠶᠣᠯ ᠤᠨ ᠢᠲᠡᠭᠡᠯ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠨᠠᠩ ᠣᠯᠠᠨ ᠣᠯᠠᠨ ᠲᠦᠮᠡᠨ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠠᠩᠬᠠᠷᠤᠯ ᠲᠠᠯᠪᠢᠬᠤ ᠪᠠ ᠣᠷᠣᠯᠴᠠᠵᠤ᠂ ᠳᠤᠮᠳᠠᠳᠤ ᠶᠢᠨ ᠰᠣᠶᠣᠯ ᠤᠨ ᠴᠡᠴᠡᠭᠯᠡᠯ ᠬᠥᠭᠵᠢᠯ ᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃︾ ᠭᠡᠵᠦ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ ᠰᠠᠯᠠᠭᠠᠨ ᠤ ᠳᠠᠷᠤᠭ᠎ᠠ ᠯᠢ ᠵᠢᠶᠠ ᠰᠢᠨ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号