ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ  ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/14
  7 ᠰᠠᠷ᠎ᠠ ᠶᠢᠨ 12 ᠤᠨ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠬᠤᠷᠠᠯ ᠢ ᠡᠷᠭᠢᠯᠡᠪᠡ  ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ᠂ ᠶᠡᠷᠦᠩᠬᠡᠶ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠯᠢ ᠱᠤ᠋ ᠯᠸᠢ᠂ ᠴᠧᠨ ᠢ ᠴᠢᠨ ᠨᠥᠬᠦᠷ ᠤᠨ ᠪᠦᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠨᠠᠮ  ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶᠠᠨ ᠤ ᠰᠠᠨᠠᠯ ᠤᠨ ᠵᠣᠷᠢᠭ ᠰᠠᠨᠠᠭ᠎ᠠ᠂ ᠲᠥᠪ  ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠭᠤᠷᠪᠠᠳᠤᠭᠠᠷ ᠤᠳᠠᠭ᠎ᠠ᠂ ᠳᠥᠷᠪᠡᠳᠦᠭᠡᠷ ᠤᠳᠠᠭ᠎ᠠ᠂ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ《 ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠭᠦ ᠥᠬᠡᠶ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠶᠳᠪᠦᠷᠢᠯᠡᠬᠦ ᠠᠷᠭ᠎ᠠ 》᠂ ᠪᠦᠬᠦ ᠣᠷᠣᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠪᠦᠷᠢᠳᠬᠡᠬᠦ ᠰᠡᠷᠡᠮᠵᠢᠯᠡᠭᠦᠯᠬᠦ ᠬᠥᠮᠦᠵᠢᠯ  ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠣᠷᠣᠨ᠂ ᠪᠦᠬᠦ ᠠᠶᠢᠮᠠᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ᠂ ᠰᠦᠬᠡ ᠨᠥᠬᠦᠷ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠠᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠪᠠ᠂ ᠤᠯᠤᠰ ᠤᠨ ᠠᠶᠤᠯᠭᠦᠶ ᠦᠶᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ 53 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢᠴᠢ《 ᠠᠶᠤᠯᠭᠦᠶ ᠦᠶᠯᠡᠳᠪᠦᠷᠢᠯᠡᠯ ᠤᠨ ᠬᠠᠤᠯᠢ 》᠂《 ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ  ᠶᠢᠨ ᠲᠦᠷᠢᠮ 》᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠶᠯᠡᠳᠪᠦᠷᠢᠯᠡᠯ ᠤᠨ ᠲᠦᠷᠢᠮ 》ᠵᠡᠷᠭᠡ ᠠᠶᠤᠯᠭᠦᠶ ᠦᠶᠯᠡᠳᠪᠦᠷᠢᠯᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号