ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
  7 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠭᠤᠣᠯ ᠤᠳᠤᠷᠢᠳᠬᠤ ᠨᠥᠬᠦᠳ ᠤᠨ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠮᠡᠳᠡᠭᠳᠡᠵᠦ᠂ ᠭᠤᠷᠪᠠᠳᠤᠭᠠᠷ ᠤᠯᠠᠷᠢᠯ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠬᠠᠨᠳᠤᠰᠢ ᠶᠢ ᠤᠷᠢᠳᠴᠢᠯᠠᠨ ᠵᠠᠳᠠᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠪᠠᠯᠠ ᠣᠷᠣᠭᠤᠯᠤᠯᠲᠠ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠲᠣᠭᠤᠷᠢᠨ ᠳᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠤᠯᠠᠮ ᠴᠢᠨᠠᠭᠰᠢᠳᠠ ᠲᠦᠷᠭᠡᠳᠬᠡᠨ ᠠᠬᠢᠭᠤᠯᠵᠤ᠂ ᠠᠵᠢᠯ ᠡᠬᠢᠯᠡᠭᠦᠯᠦᠭᠡᠳᠦᠶ ᠲᠥᠷᠥᠯ ᠵᠦᠶᠯ ᠤᠨ ᠳᠠᠷᠤᠶ ᠲᠦᠷᠭᠡᠨ ᠠᠵᠢᠯ ᠡᠬᠢᠯᠡᠬᠦ ᠶᠢ ᠪᠠᠲᠤᠯᠠᠵᠤ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠶᠯ ᠳᠤ ᠪᠦᠲᠦᠮᠵᠢᠲᠡᠶ ᠪᠠᠯᠠ ᠣᠷᠣᠭᠤᠯᠤᠯᠲᠠ ᠶᠢ ᠪᠦᠷᠢᠯᠳᠦᠭᠦᠯᠵᠦ᠂ ᠴᠠᠭ ᠲᠤᠬᠠᠶ ᠳᠤᠨᠢ ᠨᠢᠭᠡᠳᠦᠯᠲᠡᠶ ᠳᠤ ᠣᠷᠣᠭᠤᠯᠬᠤ ᠬᠡᠷᠡᠭᠲᠡᠶ᠃ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠲᠤᠬᠢᠷᠠᠭᠤᠯᠤᠯᠳᠠ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠢᠨᠠᠨ ᠬᠡᠮᠵᠢᠬᠦ ᠪᠠ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠳᠠᠷᠤᠯᠲᠠ ᠪᠠᠨ ᠨᠡᠮᠡᠭᠳᠡᠭᠦᠯᠵᠦ᠂ ᠱᠠᠯᠠᠪᠳᠠᠨ ᠲᠦᠷᠭᠡᠨ ᠠᠵᠢᠯᠯᠠᠵᠤ᠂ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠲᠦᠴᠢᠦᠸᠠᠨ ᠰᠢᠶᠠᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠤᠯᠠᠨ ᠲᠦᠮᠡᠨ ᠤ ᠠᠩᠬᠠᠷᠴᠤ ᠪᠠᠶᠢᠭ᠎ᠠ ᠵᠠᠷᠢᠮ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠬᠢᠬᠤ ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂ 4 ᠲᠠᠯ᠎ᠠ᠂ 30 ᠭᠤᠤᠯᠳᠠᠯᠭ᠎ᠠ ᠲᠠᠢ ᠠᠰᠠᠭᠤᠳᠠᠯ ᠤᠨ ᠨᠠᠷᠢᠨ ᠲᠠᠩᠰᠠ ᠶᠢᠨ ᠲᠣᠭᠤᠷᠢᠨ ᠳᠤ᠂ ᠣᠯᠠᠨ ᠲᠦᠮᠡᠨ ᠤ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ ᠢ ᠪᠦᠲᠦᠮᠵᠢᠲᠡᠶ ᠰᠢᠶᠳᠪᠦᠷᠢᠯᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦᠨ ᠢᠶᠠᠨ ᠨᠢᠭᠡᠳᠦᠯᠲᠡᠶ ᠲᠥᠯᠥᠪᠯᠡᠨ᠂ ᠲᠤᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠬᠠᠮᠵᠢᠯᠴᠠᠨ ᠬᠦᠴᠦᠯᠡᠵᠦ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠬᠳᠤ ᠠᠭᠤᠴᠢᠯᠠᠬᠤ ᠦᠭᠡᠢ ᠣᠪᠣᠷ ᠢ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠲᠦᠷᠢᠮ ᠲᠣᠭᠲᠠᠭᠠᠯ ᠶᠣᠰᠣᠭᠠᠷ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠦᠴᠦᠲᠡᠢ ᠰᠦᠷᠳᠡᠭᠦᠯᠦᠯ ᠢ ᠦᠨᠡᠨ ᠬᠦ ᠪᠦᠷᠢᠯᠳᠦᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号