ᠲᠦᠴᠢᠦᠸᠠᠨ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
  7 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ  ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢᠦ ᡁᠢ ᠹᠧᠩ᠂ ᠸᠠᠩ ᠵᠢᠶᠠᠨ ᠭᠦᠸᠧ᠂ ᠸᠠᠩ ᠶᠢᠩ ᠴᠢᠶᠦ᠋ᠨ᠂ ᠯᠢᠶᠠᠩ ᠵᠧᠨ ᠱᠠᠨ᠂ ᠯᠢᠦ ᠢ ᠸᠧᠢ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠰᠢᠶᠠᠩ ᠪᠠᠯᠭᠠᠰᠤᠨ  ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ  ᠃    ᠬᠤᠷᠠᠯ ᠠᠴᠠ 6 ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠰᠢᠯᠭᠠᠨ ᠦᠨᠡᠯᠡᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ  ᠶᠢ ᠪᠠᠬᠢᠵᠢᠭᠦᠯᠦᠨ ᠥᠷᠭᠡᠳᠬᠡᠵᠦ᠂ 6 ᠰᠠᠷ᠎ᠠ ᠶᠢᠨ 26 ᠤ ᠡᠳᠦᠷ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃    ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠯᠭᠠᠮ ᠪᠤᠳᠤᠯ ᠢᠶᠠᠨ ᠴᠢᠩᠭᠠᠳᠬᠠᠵᠤ᠂ ᠲᠣᠭᠲᠠᠴᠠ ᠶᠢ ᠲᠦᠷᠭᠡᠨ ᠬᠥᠭᠵᠢᠭᠡᠵᠦ᠂ ᠪᠠᠶᠢᠳᠠᠯ ᠢ ᠳᠡᠭᠡᠭᠰᠢᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠵᠠᠩᠭᠢᠯᠠᠭ᠎ᠠ ᠶᠢᠨ ᠴᠡᠭ ᠢ ᠠᠳᠬᠤᠵᠤ᠂ ᠰᠠᠭᠤᠷᠢ ᠴᠢᠨᠠᠷᠲᠠᠢ ᠠᠵᠢᠯ ᠢ ᠪᠠᠲᠤ ᠪᠠᠬᠢ ᠬᠢᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠪᠠ ᠦᠷ᠎ᠡ ᠪᠦᠲᠦᠭᠡᠯ ᠢ ᠪᠠᠬᠢᠵᠢᠭᠦᠯᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ  ᠃ ᠵᠥᠪ ᠴᠢᠭᠯᠡᠯ ᠢᠶᠠᠷ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠡᠰᠡᠷᠭᠦ ᠴᠢᠭᠯᠡᠯ ᠢᠶᠠᠷ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠵᠢᠯ ᠤᠨ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠲᠠᠰᠤᠷᠠᠯᠲᠠ ᠥᠬᠡᠶ ᠲᠡᠭᠦᠯᠳᠡᠷᠵᠢᠭᠦᠯᠦᠨ ᠳᠡᠭᠡᠭᠰᠢᠯᠡᠭᠦᠯᠬᠦ ᠬᠡᠷᠡᠭᠲᠡᠶ  ᠃ ᠬᠥᠳᠡᠯᠦᠩᠭᠦᠶ ᠬᠢᠨᠠᠨ ᠬᠡᠮᠵᠢᠬᠦ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠷᠥ ᠶᠢᠨ ᠪᠣᠳᠣᠯᠭ᠎ᠠ ᠪᠣᠯᠭᠠᠬᠤ᠂ ᠣᠷᠣᠯᠭ᠎ᠠ ᠶᠢᠨ ᠪᠠᠲᠤᠯᠠᠭ᠎ᠠ ᠬᠠᠩᠭᠠᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠵᠡᠷᠭᠡ ᠬᠤᠪᠢᠷᠠᠯᠲᠠ ᠶᠢ ᠠᠩᠬᠠᠷᠴᠤ᠂ ᠠᠵᠢᠯ ᠤᠨ ᠭᠤᠤᠯᠳᠠᠯᠭ᠎ᠠ ᠪᠠᠨ ᠲᠠᠰᠤᠷᠠᠯᠲᠠ ᠥᠬᠡᠶ ᠲᠣᠬᠢᠷᠠᠭᠤᠯᠵᠤ᠂ ᠪᠡᠭᠡᠵᠢᠩ ᠥᠪᠥᠷ ᠮᠣᠩᠭᠤᠯ ᠤᠨ ᠲᠠᠪᠴᠠᠩ ᠤᠨ ᠡᠬᠢ ᠪᠠᠶᠠᠯᠢᠭ ᠲᠤ ᠲᠦᠰᠢᠭᠯᠡᠨ᠂ ᠲᠦᠴᠢᠦᠸᠠᠨ ᠤ ᠨᠠᠩ ᠣᠯᠠᠨ ᠰᠠᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠬᠡᠷᠡᠭᠲᠡᠶ  ᠃ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠳᠤ ᠴᠢᠭᠯᠡᠭᠦᠯᠦᠨ ᠲᠤᠰᠬᠠᠢ ᠰᠤᠳᠤᠯᠤᠨ ᠠᠬᠢᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠲᠠᠢ ᠬᠠᠷᠭᠤᠭᠤᠯᠤᠨ ᠨᠢᠭᠡᠳ ᠨᠢᠭᠡ ᠪᠠᠷ ᠠᠬᠢᠭᠤᠯᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠲᠠᠢ ᠤᠶᠠᠯᠳᠤᠭᠤᠯᠤᠨ ᠲᠥᠪᠯᠡᠷᠡᠭᠦᠯᠦᠨ ᠴᠡᠭᠴᠡᠯᠡᠨ ᠵᠠᠰᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ ᠣᠯᠠᠨ ᠲᠦᠮᠡᠨ ᠤ ᠬᠦᠴᠢᠷᠳᠡᠯ ᠢ ᠦᠨᠡᠨ ᠬᠦ ᠰᠢᠶᠳᠪᠦᠷᠢᠯᠡᠵᠦ᠂《 ᠶᠠᠪᠤᠳᠠᠯ ᠪᠠᠶᠢᠪᠠᠯ ᠵᠠᠪᠠᠯ ᠪᠡᠶᠡᠯᠡᠭᠦᠯᠬᠦ 》ᠬᠡᠷᠡᠭᠲᠡᠶ᠃   ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠡᠯ᠎ᠡ ᠰᠢᠶᠠᠩ ᠪᠠᠯᠭᠠᠰᠤ ᠲᠣᠰᠬᠤᠨ ᠳᠤ ᠬᠤᠷᠠᠯᠳᠤᠭᠤᠯᠤᠭᠰᠠᠨ ᠪᠥᠭᠡᠳ ᠰᠢᠶᠠᠩ ᠪᠠᠯᠭᠠᠰᠤᠨ ᠤ ᠪᠠᠭ ᠤᠨ ᠪᠦᠷᠢᠯᠳᠦᠬᠦᠨ᠂ ᠬᠤᠯᠪᠣᠭᠳᠠᠯ ᠪᠥᠬᠦᠶ ᠥᠷᠲᠡᠭᠡ ᠭᠠᠵᠠᠷ ᠤᠨ ᠬᠠᠷᠢᠭᠤᠴᠠᠯᠭᠠᠲᠠᠨ᠂ ᠲᠣᠰᠬᠤᠨ ᠤ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠤ ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号