ᠸᠠᠩ ᠯᠢ ᠰᠢᠶᠠ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/16
   7 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠸᠠᠩ ᠯᠢ ᠰᠢᠶᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠤᠳᠤ ᠦᠶ᠎ᠡ ᠶᠢᠨ ᠲᠠᠷᠢᠶᠠᠯᠠᠩ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠠᠢ᠃    ᠵᠠᠯᠠᠶᠢᠳ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠰᠤᠨ ᠲᠤᠲᠤᠷᠭ᠎ᠠ ᠶᠢᠨ ᠤᠷᠭᠤᠴᠠ ᠰᠠᠶᠢᠨ᠂ ᠸᠠᠩ ᠯᠢ ᠰᠢᠶᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠭᠤᠷᠠᠢ ᠲᠤᠲᠤᠷᠭ᠎ᠠ ᠶᠢᠨ ᠲᠠᠷᠢᠮᠠᠯ ᠤᠨ ᠦᠢᠯᠡᠳᠪᠦᠷᠢᠯᠡᠯ ᠪᠣᠯᠤᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ ᠡᠷᠦᠬᠡ ᠶᠢᠨ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠳᠡᠮᠳᠡᠭᠵᠢᠬᠦᠯᠬᠦ ᠳᠡᠭᠡᠷ᠎ᠡ ᠬᠦᠴᠦ ᠣᠷᠣᠭᠤᠯᠬᠤ ᠶᠢ ᠵᠣᠷᠢᠭᠵᠢᠭᠤᠯᠵᠤ᠂ ᠴᠢᠳᠠᠪᠤᠷᠢᠲᠠᠨ ᠢ ᠬᠥᠮᠦᠵᠢᠭᠦᠯᠵᠦ᠂ ᠲᠦᠷᠦᠯ ᠳᠡᠮᠳᠡᠭ ᠢ ᠪᠤᠶᠢᠵᠢᠭᠤᠯᠵᠤ᠂ ᠰᠠᠶᠢᠨ ᠶᠠᠭᠤᠮ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠲᠤᠬᠠᠢ ᠶᠢᠨ ᠭᠠᠵᠠᠷ ᠤᠨ ᠠᠷᠠᠳ ᠤᠯᠠᠨ ᠳᠤ ᠨᠡᠩ ᠤᠯᠠᠨ ᠪᠣᠳᠠᠲᠤ ᠠᠰᠢᠭ ᠬᠦᠷᠲᠡᠭᠡᠬᠦ ᠶᠢ ᠵᠣᠷᠢᠭᠵᠢᠭᠤᠯᠪᠠ᠃ ᠲᠡᠷᠡ ᠠᠵᠤ ᠦᠢᠯᠡᠰ ᠤᠨ ᠬᠦᠷᠢᠶᠡᠯᠡᠩ ᠤᠨ ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠡᠭᠦᠳᠦᠯᠲᠡ ᠪᠣᠯᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠵᠤ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠪᠦᠷ ᠲᠣᠭᠠᠴᠢᠯᠠᠭᠰᠠᠨ ᠮᠡᠷᠭᠡᠵᠢᠯ ᠢ ᠬᠡᠷᠡᠭᠯᠡᠭᠰᠡᠨ ᠢ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠥᠭᠦᠯᠡᠯ ᠢᠶᠠᠨ ᠡᠬᠡ ᠭᠠᠵᠠᠷ ᠲᠤ ᠪᠢᠴᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠳᠤ ᠡᠨᠧᠷᠭᠢ ᠣᠯᠭᠤᠬᠤ ᠶᠢ ᠵᠣᠷᠢᠭᠵᠢᠭᠤᠯᠵᠠᠢ᠃    ᠲᠦᠮᠡᠨ ᠪᠡᠯᠴᠢᠭᠡᠷ ᠢ ᠰᠠᠶᠢᠲᠤᠷ ᠬᠠᠮᠠᠭᠠᠯᠠᠵᠤ ᠪᠠᠶᠢᠬᠤ ᠶᠢ ᠬᠠᠷᠠᠭᠠᠳ ᠸᠠᠩ ᠯᠢ ᠰᠢᠶᠠ᠂ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ ᠲᠦᠷᠢᠮ ᠲᠣᠭᠲᠠᠭᠠᠯ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠭᠤᠶᠤᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠢ ᠪᠠᠶᠠᠵᠢᠭᠤᠯᠬᠤ ᠶᠢ ᠪᠡᠶᠡᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠥᠪᠥᠷ ᠮᠣᠩᠭᠤᠯ ᠤᠨ ᠦᠶᠡᠷ ᠢ ᠰᠡᠷᠭᠡᠶᠢᠯᠡᠬᠦ ᠳᠤ ᠬᠠᠮᠤᠭ ᠤᠨ ᠬᠦᠴᠢᠷᠲᠡᠶ ᠴᠠᠭ ᠬᠤᠭᠤᠴᠠᠭ᠎ᠠ ᠪᠣᠯᠤᠨ᠎ᠠ᠂ ᠸᠠᠩ ᠯᠢ ᠰᠢᠶᠠ ᠲᠤᠰᠬᠠᠶᠢᠯᠠᠨ ᠴᠤᠤᠯ ᠤᠰᠤᠨ ᠴᠥᠭᠦᠷᠥᠮ ᠳᠤ ᠬᠦᠷᠴᠦ᠂ ᠴᠥᠭᠦᠷᠥᠮ ᠤᠨ ᠪᠠᠭᠲᠠᠭᠠᠮᠵᠢ᠂ ᠤᠰᠤᠨ ᠤ ᠬᠡᠮᠵᠢᠶ᠎ᠡ᠂ ᠤᠰᠤᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠯᠳᠠ ᠬᠡᠮ ᠢ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ᠃ ᠪᠠᠷᠢᠯᠭ᠎ᠠ ᠶᠢᠨ ᠴᠢᠨᠠᠷᠲᠠᠶ ᠤᠰᠤ ᠦᠯᠡᠳᠡᠭᠡᠬᠦ ᠲᠠᠯ᠎ᠠ ᠪᠠᠷ ᠠᠷᠭ᠎ᠠ ᠪᠤᠳᠤᠵᠤ᠂ ᠤᠰᠤᠨ ᠤ ᠦᠨ᠎ᠡ ᠶᠢ ᠰᠠᠶᠢᠲᠤᠷ ᠬᠡᠷᠡᠭᠯᠡᠬᠦ ᠲᠣᠭᠲᠠᠴᠠ ᠶᠢ ᠪᠦᠷᠢᠨᠰᠢᠬᠦᠯᠦᠨ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠢ ᠪᠣᠯᠤᠨ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠬᠦ ᠬᠡᠷᠡᠭᠲᠡᠢ ᠭᠡᠵᠦ ᠱᠠᠭᠠᠷᠳᠠᠪᠠ᠃    ᠶᠠᠳᠠᠭᠤ ᠠᠴᠠ ᠠᠩᠭᠢᠵᠢᠷᠠᠭᠰᠠᠨ ᠡᠷᠦᠬᠡ ᠵᠦ ᠴᠢᠩ ᠬᠤᠩ ᠤᠨ ᠬᠡᠷ ᠲᠤ᠂ ᠸᠠᠩ ᠯᠢ ᠰᠢᠶᠠ ᠲᠡᠭᠦᠨ ᠲᠠᠢ ᠣᠷᠣᠯᠭ᠎ᠠ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠡᠮ ᠡᠮᠨᠡᠯᠭᠡ ᠶᠢᠨ ᠳᠠᠭᠠᠳᠬᠠᠯ᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠤᠬᠠᠶ ᠶᠢᠨ ᠭᠠᠵᠠᠷ ᠤᠨ ᠬᠢᠨ ᠳᠤ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠬᠠᠯᠠᠭᠤᠨ ᠳᠤᠯᠠᠭᠠᠨ ᠢ ᠦᠷᠭᠦᠯᠵᠢᠯᠡᠨ ᠮᠡᠳᠡᠷᠡᠭᠦᠯᠵᠦ᠂ ᠨᠠᠩ ᠢᠲᠡᠭᠡᠯ ᠲᠠᠢ᠂ ᠨᠠᠩ ᠡᠷᠡᠮᠡᠯᠵᠡᠯ ᠲᠠᠢ ᠠᠮᠢᠳᠤᠷᠠᠭᠤᠯᠬᠤ ᠬᠡᠷᠡᠭᠲᠡᠶ ᠭᠡᠵᠦ ᠵᠠᠬᠢᠪᠠ᠃    ᠲᠡᠷᠡ ᠪᠠᠰᠠ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠦᠷ ᠲᠤᠰᠢᠶᠠᠯ ᠡᠭᠦᠷᠭᠡᠯᠡᠵᠦ ᠪᠠᠶᠢᠭ᠎ᠠ ᠪᠡᠭᠡᠵᠢᠩ ᠤᠨ ᠲᠤᠰᠬᠠᠶ ᠮᠡᠷᠭᠡᠵᠢᠯᠲᠡᠳ ᠢ ᠡᠷᠬᠢᠨ ᠦᠵᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠡᠷᠡᠶ ᠭᠡᠵᠦ ᠵᠣᠷᠢᠭᠵᠢᠭᠤᠯᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号