ᠯᠢᠦ ᠬᠣ᠋ ᠪᠠᠯᠭᠠᠰᠤ᠄ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠥᠷᠨᠢᠭᠦᠯᠵᠦ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠪᠠᠲᠤ ᠪᠠᠬᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/16
   ᠬᠠᠷᠢᠶ᠎ᠠ ᠣᠷᠣᠨ ᠤ ᠬᠡᠦᠬᠡᠳ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠰᠠᠭᠤᠭᠠᠯᠢ ᠠᠷᠠᠳ ᠤᠨ ᠰᠡᠷᠡᠮᠵᠢᠯᠡᠬᠦ ᠦᠵᠡᠯ ᠤᠬᠠᠮᠰᠠᠷ ᠢ ᠦᠨᠡᠨᠬᠦ ᠨᠡᠮᠡᠭᠳᠡᠭᠦᠯᠵᠦ᠂ ᠤᠰᠤᠨ ᠳᠤ ᠴᠠᠴᠠᠬᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠃ ᠣᠶᠢᠷ᠎ᠠ ᠳᠤ᠂ ᠯᠢᠦ ᠬᠣ᠋ ᠪᠠᠯᠭᠠᠰᠤᠨ ᠤ ᠬᠢᠨ ︽ᠤᠰᠤᠨ ᠳᠤ ᠴᠠᠴᠠᠬᠤ ᠠᠴᠠ ᠰᠡᠷᠭᠡᠶᠢᠯᠡᠬᠦ︾ ᠠᠮᠤᠷ ᠲᠦᠪᠰᠢᠨ ᠤ ᠶᠡᠭᠡ ᠰᠤᠷᠪᠤᠯᠵᠢᠯᠠᠭ᠎ᠠ᠂ ᠶᠡᠭᠡ ᠤᠬᠠᠭᠤᠯᠭ᠎ᠠ ᠵᠡᠷᠭᠡ ᠬᠡᠯᠪᠡᠷᠢ ᠪᠠᠷ ᠵᠠᠯᠠᠭᠤᠴᠤᠳ ᠪᠠᠭᠠᠴᠤᠳ ᠤᠨ ᠡᠳᠦᠷ ᠲᠤᠲᠤᠮ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠪᠠᠯᠭᠠᠰᠤ᠂ ᠲᠣᠰᠬᠤᠨ  ᠤ ᠡᠮᠡᠭᠲᠡᠶᠢᠴᠦᠳ ᠤᠨ ᠬᠤᠯᠪᠣᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠠᠶᠢᠯ ᠡᠷᠦᠬᠡ ᠪᠠᠷ ᠲᠣᠭᠤᠷᠢᠨ ᠦᠵᠡᠵᠦ ᠂ ᠤᠰᠤᠨ ᠳᠤ ᠴᠠᠴᠠᠬᠤ ᠠᠴᠠ ᠰᠡᠷᠭᠡᠶᠢᠯᠡᠬᠦ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃
   ᠯᠢᠦ ᠬᠣ᠋ ᠪᠠᠯᠭᠠᠰᠤ ᠲᠣᠰ ᠤᠳᠠᠭᠠᠨ ᠤ ︽ᠤᠰᠤᠨ ᠳᠤ ᠵᠢᠪᠬᠦ ᠶᠢ ᠰᠡᠷᠭᠡᠶᠢᠯᠡᠬᠦ︾ ᠠᠮᠤᠷ ᠲᠦᠪᠰᠢᠨ ᠤ ᠶᠡᠭᠡ ᠰᠤᠷᠪᠤᠯᠵᠢᠯᠠᠭ᠎ᠠ᠂ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠳᠤᠭᠤᠶᠢᠯᠠᠩ ᠤᠨ ᠠᠵᠢᠯ ᠤᠨ ᠬᠤᠪᠢᠶᠠᠷᠢᠯᠠᠯ ᠵᠢᠴᠢ ᠬᠡᠷ ᠪᠦᠯᠢ  ᠶᠢᠨ ᠰᠤᠷᠪᠤᠯᠵᠢᠯᠠᠭ᠎ᠠ ᠶᠢᠨ ᠭᠤᠤᠯ ᠠᠭᠤᠯᠭ᠎ᠠ ᠶᠢ ᠲᠣᠳᠣᠷᠬᠠᠶᠢᠯᠠᠪᠠ᠃ ᠪᠠᠯᠭᠠᠰᠤ᠂ ᠲᠣᠰᠬᠤᠨ ᠤ ᠡᠮᠡᠭᠲᠡᠶᠢᠴᠦᠳ  ᠤᠨ ᠬᠤᠯᠪᠣᠭ᠎ᠠ ᠨᠢ ᠲᠣᠰᠬᠤᠨ ᠳᠤ ᠰᠠᠭᠤᠬᠤ ᠠᠵᠢᠯ ᠲᠠᠢ ᠤᠶᠠᠯᠳᠤᠭᠤᠯᠤᠨ ᠳᠤᠭᠤᠶᠢᠯᠠᠩ ᠬᠤᠪᠢᠶᠠᠵᠤ᠂ ᠲᠣᠰᠬᠤᠨ ᠬᠤᠪᠢᠶᠠᠨ ᠡᠷᠦᠬᠡ ᠳᠤ ᠬᠦᠷᠴᠦ ᠰᠤᠷᠪᠤᠯᠵᠢᠯᠠᠪᠠ᠃ ᠠᠶᠢᠯ ᠡᠷᠦᠬᠡ ᠪᠠᠷ ᠶᠠᠪᠤᠵᠤ ᠵᠠᠯᠠᠭᠤᠴᠤᠳ ᠪᠠᠭᠠᠴᠤᠳ ᠪᠠ ᠬᠢᠨᠠᠨ ᠬᠠᠮᠠᠭᠠᠯᠠᠭᠴᠢ ᠲᠠᠢ ᠵᠠᠯᠠᠭᠤᠴᠤᠳ ᠪᠠᠭᠠᠴᠤᠳ ᠤᠨ ᠰᠤᠷᠤᠯᠭ᠎ᠠ ᠪᠠ ᠠᠮᠢᠳᠤᠷᠠᠯ ᠤᠨ ᠪᠠᠶᠢᠳᠠᠯ ᠢ ᠰᠣᠯᠢᠯᠴᠠᠵᠤ᠂ ᠤᠰᠤᠨ ᠳᠤ ᠴᠠᠴᠠᠬᠤ ᠠᠴᠠ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠴᠢᠬᠤᠯᠠ ᠴᠢᠨᠠᠷ ᠪᠠ ᠤᠰᠤᠨ ᠳᠤ ᠴᠠᠴᠠᠬᠤ ᠠᠴᠠ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠵᠡᠷᠭᠡ ᠮᠡᠳᠡᠯᠭᠡ ᠶᠢ ᠤᠬᠠᠭᠤᠯᠪᠠ᠃ ᠵᠠᠯᠠᠭᠤᠴᠤᠳ ᠪᠠᠭᠠᠴᠤᠳ ᠢ ᠭᠤᠤᠯᠳᠠᠯᠭ᠎ᠠ ᠲᠠᠢ ᠰᠤᠷᠭᠠᠨ ᠬᠥᠮᠦᠵᠢᠭᠦᠯᠵᠦ᠂ ᠤᠰᠤᠨ ᠳᠤ ᠴᠠᠴᠠᠬᠤ ᠠᠴᠠ ᠰᠡᠷᠭᠡᠶᠢᠯᠡᠬᠦ ᠬᠥᠮᠦᠵᠢᠯ ᠢ ᠰᠠᠶᠢᠲᠤᠷ ᠬᠢᠵᠦ᠂ ᠬᠡᠦᠬᠡᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠬᠡᠷ ᠤᠨ ᠠᠬᠠᠮᠠᠳ ᠤᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠢ ᠬᠦᠰᠡᠵᠦ ᠪᠠᠶᠢᠨ᠎ᠠ᠃
   ᠲᠣᠰ ᠤᠳᠠᠭᠠᠨ ᠤ ︽ᠤᠰᠤᠨ ᠳᠤ ᠴᠠᠴᠠᠬᠤ ᠠᠴᠠ ᠰᠡᠷᠭᠡᠶᠢᠯᠡᠬᠦ︾ ᠠᠮᠤᠷ ᠲᠦᠪᠰᠢᠨ ᠤ ᠶᠡᠭᠡ ᠰᠤᠷᠪᠤᠯᠵᠢᠯᠠᠭ᠎ᠠ᠂ ᠶᠡᠭᠡ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠺᠠᠳ᠋ᠷ ᠠᠵᠢᠯᠲᠠᠨ ᠠᠵᠢᠯᠴᠢᠨ ᠬᠠᠯᠠᠭᠤᠨ ᠳᠠᠪᠠᠯᠭᠠᠨ ᠢ ᠰᠥᠷᠴᠦ᠂ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠬᠢᠨᠠᠨ ᠬᠠᠮᠠᠭᠠᠯᠠᠭᠴᠢ᠂ ᠵᠠᠯᠠᠭᠤᠴᠤᠳ ᠪᠠᠭᠠᠴᠤᠳ ᠲᠠᠢ ᠶᠣᠰᠣ ᠶᠠᠷᠢᠵᠤ᠂ ᠵᠢᠱᠢᠶ᠎ᠡ ᠲᠠᠲᠠᠵᠤ᠂ ᠬᠠᠯᠠᠰᠢᠷᠠᠯ ᠥᠬᠡᠶ ᠶᠠᠷᠢᠵᠤ᠂ ᠶᠠᠮᠠᠷᠪᠠ ᠬᠡᠦᠬᠡᠳ ᠢ ᠤᠰᠤᠨ  ᠳᠤ ᠴᠠᠴᠠᠬᠤ ᠠᠳᠡᠯ ᠭᠠᠷᠭᠠᠬᠤ ᠥᠬᠡᠶ ᠪᠠᠶᠢᠬᠤ ᠶᠢ ᠬᠦᠰᠡᠵᠦ ᠪᠠᠶᠢᠨ᠎ᠠ᠃ ᠨᠢᠭᠡ ᠭᠡᠷ ᠤᠨ ᠠᠬᠠᠮᠠᠳ᠄ ︽ᠵᠤᠨ ᠤ ᠠᠮᠠᠷᠠᠯᠲᠠ ᠳᠤ ᠬᠡᠦᠬᠡᠳ ᠭᠡᠷ ᠲᠡᠭᠡᠨ ᠰᠠᠭᠤᠬᠤ ᠴᠠᠭ ᠤᠷᠳᠤ᠂ ᠠᠭᠤᠷ ᠠᠮᠢᠰᠬᠤᠯ ᠪᠦᠭᠴᠢᠮ ᠬᠠᠯᠠᠭᠤᠨ᠂ ᠥᠩᠭᠡᠷᠡᠭᠰᠡᠨ ᠵᠢᠯ ᠤᠳ ᠲᠤ ᠤᠰᠤᠨ ᠳᠤ ᠵᠢᠪᠦᠭᠰᠡᠨ ᠭᠡᠨᠡᠳᠡᠯ ᠢ ᠰᠣᠨᠣᠰᠴᠠᠢ᠂ ᠡᠨᠡ ᠵᠢᠯ ᠪᠢᠳᠡ ᠤᠰᠤᠨ ᠳᠤ ᠵᠢᠪᠬᠦ  ᠶᠢ ᠰᠡᠷᠭᠡᠶᠢᠯᠡᠬᠦ ᠶᠢ ᠨᠡᠩ ᠴᠢᠬᠤᠯᠠᠴᠢᠯᠠᠬᠤ ᠬᠡᠷᠡᠭᠲᠡᠢ᠂ ᠲᠠ ᠨᠠᠷ ᠤᠨ ᠡᠨᠡ ᠬᠦ ᠠᠮᠤᠷ ᠲᠦᠪᠰᠢᠨ ᠤ ᠰᠠᠨᠠᠭᠤᠯᠤᠮᠵᠢ  ᠶᠢ ᠮᠠᠨ ᠤ ᠳᠡᠷᠭᠡᠳᠡ ᠬᠦᠷᠭᠡᠭᠰᠡᠨ ᠳᠤ ᠲᠠᠯᠠᠷᠬᠠᠵᠤ ᠪᠠᠶᠢᠨ᠎ᠠ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号