ᠲᠦᠴᠢᠦᠸᠠᠨ ᠰᠢᠶᠠᠨ ᠤ ᠵᠡᠭᠦᠨ ᠳᠥᠷᠥᠯᠵᠢ ᠪᠠᠯᠭᠠᠰᠤ᠄ ᠰᠢᠨ᠎ᠡ ᠳᠦᠷᠰᠦ ᠪᠠᠶᠢᠳᠠᠯ᠂ ᠠᠵᠤ ᠦᠢᠯᠡᠰ ᠬᠦᠭᠵᠢᠵᠦ᠂ ᠣᠷᠴᠢᠨ ᠲᠣᠭᠤᠷᠢᠨ ᠭᠤᠶᠤ ᠰᠠᠶᠢᠬᠠᠨ
ᠨᠡᠶᠢᠲᠡᠯᠡᠭᠰᠡᠨ ᠴᠠᠭ᠄
2024/7/16
   ᠳᠡᠯᠭᠡᠷ ᠵᠤᠨ ᠤ ᠭᠤᠣᠯ ᠳᠤ᠂ ᠵᠢᠶᠤᠤ ᠯᠢᠦ ᠾᠧ ᠭᠤᠣᠯ ᠤᠨ ᠤᠰᠤ ᠶᠡᠭᠡ ᠬᠢᠩᠭᠠᠨ ᠳᠠᠪᠠᠭ᠎ᠠ ᠶᠢᠨ ᠡᠪᠦᠭᠡᠨ ᠠᠭᠤᠯᠠ ᠠᠴᠠ ᠮᠤᠷᠤᠯᠵᠠᠨ ᠪᠠᠭᠤᠵᠤ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠬᠡᠪᠴᠢᠶᠡᠨ ᠳᠤ 7000 ᠮᠦ ᠶᠢᠨ ᠲᠠᠯᠠᠪᠠᠢ ᠲᠠᠢ ᠮᠢᠩ ᠰᠢᠩ ᠨᠠᠭᠤᠷ ᠪᠣᠯᠵᠠᠢ᠃
   ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠲᠣᠰᠬᠤᠨ ᠤ ᠤᠰᠤᠨ ᠲᠤᠲᠤᠷᠭ᠎ᠠ ᠶᠢᠨ ᠲᠠᠷᠢᠶᠠᠨ ᠳᠤ᠂ ᠲᠤᠲᠤᠷᠭ᠎ᠠ ᠶᠢᠨ ᠴᠢᠬᠢ ᠢᠭ᠍ᠴᠤ ᠰᠠᠬᠤᠯᠢᠭ ᠤᠷᠭᠤᠵᠤ ᠪᠠᠶᠢᠨ᠎ᠠ᠃ ᠲᠦᠴᠢᠦᠸᠠᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠮᠡᠷᠭᠡᠵᠢᠯᠲᠡᠨ ᠶᠠᠭ ᠲᠠᠷᠢᠶᠠᠴᠢᠨ ᠡᠷᠦᠬᠡ ᠳᠤ ᠲᠤᠲᠤᠷᠭ᠎ᠠ ᠵᠢᠭᠠᠰᠤ ᠬᠠᠮᠲᠤ ᠣᠷᠣᠰᠢᠬᠤ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ ᠪᠠᠶᠢᠬᠤ ᠪᠥᠭᠡᠳ ᠲᠠᠷᠢᠶᠠᠴᠢᠨ ᠡᠷᠦᠬᠡ ᠳᠤ ᠦᠨ᠎ᠡ ᠲᠥᠯᠥᠪᠦᠷᠢ ᠥᠬᠡᠶ ᠪᠠᠷ ᠵᠢᠷᠠᠭᠠᠬᠠᠶ ᠪᠠ ᠨᠠᠶᠮᠠᠯᠵᠢ ᠶᠢᠨ ᠵᠢᠷᠠᠭᠠᠬᠠᠶ ᠲᠠᠷᠬᠠᠭᠠᠵᠦ ᠪᠠᠶᠢᠨ᠎ᠠ᠃
   ︽ᠪᠢ ᠵᠢᠯ ᠪᠦᠷᠢ ᠲᠤᠲᠤᠷᠭ᠎ᠠ ᠶᠢᠨ ᠲᠠᠷᠢᠶᠠᠨ ᠳᠤ ᠵᠢᠭᠠᠰᠤᠨ ᠴᠢᠬᠢ ᠲᠠᠯᠪᠢᠳᠠᠭ᠂ ᠡᠶᠢᠮᠦ ᠵᠦᠶᠯ ᠤᠨ ᠲᠤᠲᠤᠷᠭ᠎ᠠ ᠵᠢᠭᠠᠰᠤ ᠶᠢ ᠶᠡᠷᠦᠩᠬᠡᠶᠢᠯᠡᠨ ᠳᠠᠷᠢᠵᠤ ᠲᠡᠵᠢᠭᠡᠬᠦ ᠵᠠᠭᠪᠤᠷ ᠢ ᠬᠡᠷᠡᠭᠯᠡᠭᠰᠡᠨ ᠤ ᠳᠠᠷᠠᠭ᠎ᠠ᠂ ᠤᠰᠤᠨ ᠲᠤᠲᠤᠷᠭ᠎ᠠ ᠪᠠ ᠵᠢᠭᠠᠰᠤᠨ ᠤ ᠶᠠᠰᠤ ᠴᠢᠨᠠᠷ ᠴᠥᠮ ᠳᠡᠭᠡᠭᠰᠢᠯᠡᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠴᠤ ᠰᠠᠶᠢᠵᠢᠷᠠᠳᠠᠭ᠃︾ ᠭᠡᠵᠦ ᠵᠡᠭᠦᠨ ᠳᠥᠷᠥᠯᠵᠢ ᠪᠠᠯᠭᠠᠰᠤᠨ ᠤ  ᠮᠢᠩ ᠰᠢᠩ ᠲᠣᠰᠬᠤᠨ ᠤ ᠠᠷᠠᠳ ᠵᠧᠦ ᠸᠧᠢ ᠢᠨᠢᠶᠡᠮᠰᠦᠭᠯᠡᠨ ᠬᠡᠯᠡᠨ᠎ᠡ᠃
   ᠣᠶᠢᠷ᠎ᠠ ᠳᠤ᠂ ᠵᠡᠭᠦᠨ ᠲᠦᠷᠦᠯᠵᠢ ᠪᠠᠯᠭᠠᠰᠤᠨ ᠤ ᠨᠠᠮ ᠤᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠢᠷᠠᠭᠤ ᠠᠯᠳᠠᠷ ᠢ ᠭᠥᠷᠳᠡᠵᠦ᠂ ᠰᠤᠷᠪᠤᠯᠵᠢᠯᠠᠭᠴᠢ ᠡᠨᠡ ᠬᠦ ︽ᠨᠠᠷᠠᠲᠤ ᠲᠣᠰᠬᠤᠨ ᠪᠠᠯᠭᠠᠰᠤ︾ ᠳᠤ ᠬᠦᠷᠴᠦ᠂ ᠠᠳᠡᠬᠢ ᠬᠥᠭᠵᠢᠨ ᠮᠠᠨᠳᠤᠭᠰᠠᠨ ᠥᠯᠢᠭᠡᠷ ᠢ ᠰᠤᠷᠪᠤᠯᠵᠢᠯᠠᠪᠠ᠃    ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤ ᠲᠦᠴᠢᠦᠸᠠᠨ ᠰᠢᠶᠠᠨ ᠤ ᠳᠤᠮᠳᠠ ᠬᠤᠶᠢᠲᠤ ᠬᠡᠰᠡᠭ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 272.8 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 20 ᠵᠠᠰᠠᠭ ᠵᠠᠬᠢᠷᠭᠠᠨ  ᠤ ᠲᠣᠰᠬᠤᠨ᠂ 38 ᠠᠶᠢᠯ᠂ 1 ᠨᠡᠶᠢᠭᠡᠮ ᠲᠣᠭᠤᠷᠢᠭ ᠬᠠᠷᠢᠶᠠᠯᠠᠭᠳᠠᠵᠤ᠂ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠨᠢ ᠲᠦᠮᠡᠨ ᠡᠷᠦᠬᠡ ᠳᠤ ᠬᠦᠷᠬᠦ ᠦᠭᠡᠶ᠃
   ᠣᠶᠢᠷ᠎ᠠ ᠶᠢᠨ ᠵᠢᠯ ᠠᠴᠠ ᠨᠠᠭᠠᠰᠢ᠂ ᠤᠰᠤᠨ ᠲᠤᠲᠤᠷᠭ᠎ᠠ ᠶᠢᠨ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠥᠯᠥᠭᠡ᠂ ᠵᠡᠭᠦᠨ ᠲᠦᠷᠦᠯᠵᠢ ᠪᠠᠯᠭᠠᠰᠤᠨ ᠤ ᠨᠠᠮ ᠤᠨ ᠬᠤᠷᠢᠶ᠎ᠠ  ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠭᠠᠷᠭᠠᠵᠤ᠂ ᠲᠣᠰᠬᠤᠨ ᠤ ︽ᠬᠤᠶᠠᠷ ᠵᠥᠪᠯᠡᠯ︾ ᠢ ᠳᠠᠭᠠᠭᠤᠯᠤᠨ ᠬᠤᠷᠰᠢᠶ᠎ᠠ ᠪᠠᠶᠢᠭᠤᠯᠵᠤ᠂  ︽ᠵᠠᠬᠢᠶᠠᠯᠠᠭ᠎ᠠ ᠶᠢᠨ ᠲᠠᠷᠢᠶᠠᠯᠠᠩ︾ ᠢ ᠠᠵᠤ ᠦᠶᠢᠯᠡᠰᠵᠢᠭᠦᠯᠦᠨ ᠡᠵᠡᠩᠨᠡᠬᠦ ᠵᠠᠭᠪᠤᠷ ᠢᠶᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠤᠰᠤᠨ ᠲᠤᠲᠤᠷᠭ᠎ᠠ ᠦᠶᠯᠡᠳᠪᠦᠷᠢᠯᠡᠵᠦ ᠳᠠᠷᠢᠬᠤ ᠶᠢ ᠳᠠᠶᠢᠴᠢᠯᠠᠪᠠ᠃ ᠦᠶᠯᠡᠳᠪᠦᠷᠢᠯᠡᠯ ᠤᠨ ᠡᠮᠦᠨᠡᠬᠢ ᠰᠠᠶᠢᠨ ᠡᠭᠦᠯᠳᠡᠷ ᠢ ᠰᠣᠩᠭᠤᠨ ᠲᠣᠬᠢᠷᠠᠭᠤᠯᠬᠤ ᠠᠴᠠ ᠦᠶᠯᠡᠳᠪᠦᠷᠢᠯᠡᠯ ᠤᠨ ᠳᠤᠮᠳᠠᠬᠢ ᠮᠡᠷᠭᠡᠵᠢᠯ ᠤᠨ ᠦᠶᠯᠡᠴᠢᠯᠡᠭᠡ ᠬᠦᠷᠲᠡᠯ᠎ᠡ᠂ ᠲᠠᠬᠢᠭᠠᠳ ᠲᠤᠲᠤᠷᠭ᠎ᠠ ᠬᠠᠳᠤᠵᠤ ᠬᠤᠷᠢᠶᠠᠬᠤ᠂ ᠡᠳ᠋ᠰᠢᠭᠦᠯᠬᠦ ᠪᠠ ᠪᠣᠷᠣᠯᠠᠭᠤᠯᠬᠤ ᠬᠦᠷᠲᠡᠯ᠎ᠡ᠂ ᠬᠤᠷᠰᠢᠶ᠎ᠠ ᠪᠦᠷᠢᠨ ᠪᠦᠲᠦᠨ ᠠᠵᠤ ᠦᠶᠯᠡᠰ ᠤᠨ ᠬᠡᠯᠬᠢᠶ᠎ᠡ ᠶᠢ ᠪᠦᠷᠢᠯᠳᠦᠭᠦᠯᠪᠡ᠃    ᠵᠡᠭᠦᠨ ᠲᠦᠷᠦᠯᠵᠢ ᠪᠠᠯᠭᠠᠰᠤ 4 ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠲᠣᠰᠬᠤᠨ ᠢ ᠪᠣᠶᠢᠵᠢᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠪᠤᠵᠠᠭᠠᠶᠢᠷᠠᠭᠤᠯᠬᠤ᠂ ᠬᠡᠯᠬᠢᠶ᠎ᠡ ᠶᠢ ᠨᠥᠬᠦᠪᠥᠷᠢᠯᠡᠬᠦ ᠬᠥᠭᠵᠢᠯᠲᠡ ᠶᠢ ᠠᠬᠢᠭᠤᠯᠪᠠ᠃
   ᠵᠢᠱᠢᠶ᠎ᠡ ᠦᠵᠡᠭᠦᠯᠬᠦ 4 ᠦᠯᠢᠭᠡᠷ ᠳᠠᠭᠤᠷᠢᠶᠠᠯ ᠲᠣᠰᠬᠤᠨ ᠤ ᠨᠢᠭᠡ ᠪᠣᠯᠤᠭᠰᠠᠨ ᠮᠢᠩ ᠰᠢᠩ ᠲᠣᠰᠬᠤᠨ ᠣᠳᠣ ᠨᠢᠭᠡᠨᠲᠡ 120 ᠡᠷᠦᠬᠡ 280 ᠮᠦ ᠤᠰᠤᠨ ᠲᠤᠲᠤᠷᠭ᠎ᠠ ᠲᠠᠷᠢᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠠᠴᠠ ᠳᠡᠭᠡᠭᠰᠢ ᠨᠡᠮᠡᠭᠳᠡᠭᠦᠯᠵᠡᠶ᠃ ᠲᠠᠷᠢᠶᠠᠴᠢᠨ ᠡᠷᠦᠬᠡ ᠬᠤᠷᠰᠢᠶ᠎ᠠ ᠶᠢᠨ ᠰᠠᠭᠤᠷᠢ ᠶᠢ ᠪᠠᠲᠤᠯᠠᠬᠤ ᠪᠠᠷ ᠬᠤᠷᠢᠶᠠᠨ ᠠᠪᠬᠤ ᠪᠠᠷ ᠲᠠᠮᠵᠢᠭᠤᠯᠤᠨ᠂ ᠪᠢᠴᠢᠯ ᠲᠠᠷᠢᠶᠠᠯᠠᠭ᠎ᠠ ᠶᠢᠨ ᠲᠤᠲᠤᠷᠭ᠎ᠠ ᠶᠢ ᠭᠥᠯᠢᠶᠡᠨ ᠠᠪᠴᠤ᠂ ᠬᠦᠷᠢᠶ᠎ᠡ ᠬᠠᠰᠢᠶ᠎ᠠ ᠶᠢ ᠲᠦᠷᠢᠶᠡᠰᠦᠯᠡᠨ ᠠᠪᠴᠤ᠂ ᠵᠢᠭᠠᠰᠤᠴᠢᠨ ᠤ ᠪᠠᠶᠠᠰᠤᠯ ᠢ ᠬᠥᠭᠵᠢᠭᠦᠯᠵᠦ᠂ ᠲᠤᠲᠤᠷᠭ᠎ᠠ ᠴᠡᠴᠡᠭ ᠵᠢᠭᠠᠰᠤ ᠶᠢᠨ ᠪᠣᠷᠣᠯᠠᠭᠤᠯᠤᠯᠲᠠ ᠶᠢᠨ ᠣᠷᠣᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ︽ᠢᠮᠠᠬᠤ ᠶᠢᠨ ᠲᠡᠳᠦᠶ ᠭᠠᠵᠠᠷ ᠢ ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ ᠪᠣᠯᠭᠠᠵᠤ᠂ ᠨᠢᠭᠡ ᠬᠦᠷᠢᠶᠡᠯᠡᠩ ᠢ ᠣᠯᠠᠨ ᠬᠡᠷᠡᠭᠯᠡᠵᠦ᠂ ᠨᠢᠭᠡ ᠬᠦᠷᠢᠶᠡᠯᠡᠩ ᠢ ᠣᠯᠠᠨ ᠬᠤᠷᠢᠶᠠᠬᠤ︾ ᠰᠠᠶᠢᠨ ᠦᠷ᠎ᠡ ᠠᠰᠢᠭ ᠢ ᠦᠨᠡᠨ ᠬᠦ ᠪᠡᠶᠡᠯᠡᠭᠦᠯᠪᠡ᠃
   ︽ᠬᠡᠮᠬᠡ ᠶᠢᠨ ᠰᠠᠷᠠᠪᠴᠢ ᠶᠢᠨ ᠤᠴᠢᠷ ᠶᠠᠪᠤᠳᠠᠯ ᠵᠥᠪᠯᠡᠬᠦ︾ ᠪᠣᠯ ᠳ᠋ᠦᠩ ᠴᠢᠤᠸᠠᠨ ᠲᠣᠰᠬᠤᠨ ᠤ ᠨᠢᠭᠡᠨ ᠶᠡᠭᠡ ᠣᠨᠴᠠᠯᠢᠭ ᠪᠣᠯᠤᠨ᠎ᠠ᠂ ᠦᠨᠳᠦᠰᠦᠨ ᠱᠠᠲᠤᠨ ᠳᠤ ᠪᠠᠭᠤᠵᠤ ᠤᠴᠢᠷ ᠶᠠᠪᠤᠳᠠᠯ ᠵᠥᠪᠯᠡᠬᠦ ᠪᠠᠷ ᠳᠡᠮᠵᠢᠨ᠂ ︽ᠳ᠋ᠦᠩ ᠴᠢᠤᠸᠠᠨ ᠠᠮᠲᠠᠲᠤ ᠬᠡᠮᠬᠡ︾ ᠨᠢ ᠨᠡᠷ᠎ᠡ ᠨᠢᠳᠡᠷ ᠲᠡᠭᠡᠨ ᠨᠡᠶᠢᠴᠡᠭᠰᠡᠨ ᠪᠠᠶᠠᠵᠢᠯ ᠤᠨ ︽ᠠᠯᠲᠠᠨ ᠪᠤᠯᠳᠤᠷᠤᠤ︾ ᠪᠣᠯᠵᠣ ᠂ ᠠᠮᠲᠠᠲᠤ ᠬᠡᠮᠬᠡ ᠲᠡᠭᠦᠵᠦ ᠪᠠᠷᠠᠭᠰᠠᠨ ᠤ ᠳᠠᠷᠠᠭ᠎ᠠ ᠳᠠᠬᠢᠨ ᠨᠣᠭᠤᠭ᠎ᠠ ᠳᠠᠷᠢᠵᠤ᠂ ᠶᠡᠭᠡ ᠬᠦᠯᠡᠮᠵᠢ ᠶᠢᠨ ︽ᠨᠢᠭᠡ ᠵᠢᠯ  ᠳᠤ ᠬᠤᠶᠠᠷ ᠬᠤᠷᠢᠶᠠᠬᠤ︾ ᠪᠠᠷ ᠳᠡᠮᠵᠢᠨ᠂ ᠶᠡᠷᠦᠩᠬᠡᠶ ᠣᠷᠣᠯᠭ᠎ᠠ ᠨᠢ 1.35 ᠲᠦᠮᠡᠨ ᠲᠥᠭᠦᠷᠢᠭ ᠲᠤ ᠬᠦᠷᠴᠦ᠂ ᠲᠠᠷᠢᠶᠠᠴᠢᠨ ᠡᠷᠦᠬᠡ ᠶᠢᠨ  ᠠᠮᠲᠠᠲᠤ ᠬᠡᠮᠬᠡ ᠶᠢᠨ ᠠᠵᠤ ᠦᠶᠯᠡᠰ ᠢ ᠬᠥᠭᠵᠢᠭᠦᠯᠬᠦ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠪᠡ᠃
   ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠬᠠᠮᠲᠤ᠂ ᠵᠡᠭᠦᠨ ᠳᠥᠷᠥᠯᠵᠢ ᠪᠠᠯᠭᠠᠰᠤᠨ ᠤ ᠨᠠᠮ ᠤᠨ ᠬᠤᠷᠢᠶ᠎ᠠ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠ ᠠᠵᠢᠯ ᠪᠣᠯᠭᠠᠨ ᠠᠳᠬᠤᠵᠦ᠂ ︽1 + N︾ ᠵᠠᠭᠪᠤᠷ ᠢᠶᠠᠷ ᠪᠠᠯᠭᠠᠰᠤᠨ ᠤ ᠱᠠᠲᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢ ᠰᠠᠶᠢᠲᠤᠷ ᠪᠠᠶᠢᠭᠤᠯᠤᠨ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠪᠣᠯᠪᠠᠰᠤᠷᠠᠯ ᠤᠨ ︽ᠡᠴᠦᠰ ᠤᠨ ᠨᠢᠭᠡ ᠺᠢᠯᠣᠮᠧᠲᠷ︾ ᠢ ᠨᠡᠮᠡᠭᠳᠡᠭᠦᠯᠵᠦ᠂ ᠨᠠᠮ ᠤᠨ ᠰᠤᠷᠭᠠᠭᠤᠯᠢ ᠪᠠᠷ ᠲᠦᠰᠢᠭ ᠪᠣᠯᠭᠠᠬᠤ᠂ ︽N︾ ᠬᠢᠴᠢᠶᠡᠯ ᠤᠨ ᠲᠠᠩᠬᠢᠮ᠂ ︽N︾ ᠲᠦᠷᠦᠯ ᠤᠨ ᠵᠢᠭᠠᠨ ᠰᠤᠷᠭᠠᠯᠲᠠ ᠶᠢᠨ ᠬᠡᠪ ᠮᠠᠶ᠋ᠢᠭ᠂ ︽N︾ ᠲᠥᠷᠥᠯ ᠤᠨ ᠬᠢᠴᠢᠶᠡᠯ ᠤᠨ ᠲᠣᠬᠢᠷᠠᠭᠤᠯᠤᠯᠲᠠ ᠵᠡᠷᠭᠡ ᠢ ᠡᠭᠦᠳᠦᠨ ᠪᠠᠶᠢᠭᠤᠯᠵᠦ᠂ ᠨᠠᠮ ᠤᠨ ᠰᠤᠷᠭᠠᠭᠤᠯᠢ ᠶᠢᠨ ᠪᠣᠯᠪᠠᠰᠤᠷᠠᠯ ᠢ ᠬᠢᠴᠢᠶᠡᠯ ᠤᠨ ᠭᠡᠷ ᠤᠨ ︽ᠵᠢᠵᠢᠭ ᠬᠢᠴᠢᠶᠡᠯ ᠤᠨ ᠲᠠᠩᠬᠢᠮ︾ ᠠᠴᠠ ᠭᠠᠷᠴᠤ᠂ ᠨᠡᠶᠢᠭᠡᠮ ᠤᠨ ︽ᠬᠢᠴᠢᠶᠡᠯ ᠤᠨ ᠲᠠᠩᠬᠢᠮ︾ ᠲᠤ ᠤᠷᠤᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠦᠬᠦ ᠪᠠᠯᠭᠠᠰᠤᠨ ᠤ ᠣᠨᠴᠠᠯᠢᠭ ᠲᠠᠢ ᠨᠢᠭᠲᠠ ᠤᠶᠠᠯᠳᠤᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ  ᠲᠦᠪᠯᠡᠷᠡᠭᠦᠯᠵᠦ᠂ ᠺᠠᠳ᠋ᠷ ᠣᠯᠠᠨ ᠲᠦᠮᠡᠨ ᠤ ᠤᠯᠤᠰ ᠲᠥᠷᠥ ᠶᠢᠨ ᠬᠡᠪ ᠴᠢᠨᠠᠷ ᠪᠠ ᠦᠶᠯᠡᠳᠦᠯᠭᠡ ᠶᠢᠨ ᠴᠢᠳᠠᠪᠤᠷᠢ ᠶᠢᠨ ︽ᠬᠤᠤᠰ ᠳᠡᠭᠡᠭᠰᠢᠯᠡᠯᠲᠡ︾ ᠶᠢ ᠠᠬᠢᠭᠤᠯᠤᠨ᠎ᠠ᠃
   ᠵᠡᠭᠦᠨ ᠳᠥᠷᠥᠯᠵᠢ ᠪᠠᠯᠭᠠᠰᠤ ᠨᠢ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠭᠤᠣᠯ ᠤᠨ ᠵᠠᠮ ᠢ ᠵᠠᠰᠠᠬᠤ ᠠᠵᠢᠯ ᠢ ᠭᠦᠨᠵᠡᠭᠡᠢ ᠥᠷᠨᠢᠭᠦᠯᠦᠨ᠂ ︽ᠠᠭᠤᠯᠠ᠂ ᠤᠰᠤ᠂ ᠤᠢ᠂ ᠲᠠᠷᠢᠶᠠᠨ ᠭᠠᠵᠠᠷ᠂ ᠨᠠᠭᠤᠷ᠂ ᠡᠪᠡᠰᠦ᠂ ᠡᠯᠡᠰᠦ︾ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠬᠤ ᠶᠢ ᠠᠬᠢᠭᠤᠯᠵᠤ᠂ ᠪᠠᠶᠢᠭᠠᠯᠢ ᠶᠢᠨ ᠭᠠᠮᠰᠢᠭ ᠤᠨ ᠠᠶᠤᠯ ᠢ ᠬᠦᠴᠦᠲᠡᠢ ᠪᠠᠭᠤᠷᠠᠭᠤᠯᠤᠨ᠎ᠠ︔ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ᠣᠯᠠᠨ ᠲᠣᠰᠬᠤᠨ ︽ᠭᠤᠷᠪᠠᠨ ᠤᠮᠠᠷᠠᠲᠤ︾ ᠶᠢᠨ ᠲᠥᠷᠥᠯ ᠵᠦᠶᠯ ᠢ ᠨᠥᠬᠦᠵᠦ ᠳᠠᠷᠢᠬᠤ ᠠᠵᠢᠯ ᠢ ᠪᠡᠶᠡᠯᠡᠭᠦᠯᠦᠨ᠂ ᠵᠢᠭᠤᠯᠴᠢᠯᠠᠯ ᠤᠨ ᠵᠠᠮ ᠳᠠᠭᠠᠤ  ᠶᠢᠨ ᠨᠣᠭᠤᠭᠠᠷᠠᠭᠤᠯᠤᠯᠲᠠ ᠭᠡᠷᠡᠯᠲᠦᠭᠦᠯᠭᠡ ᠠᠮᠢ ᠠᠬᠤᠶᠢᠵᠢᠭᠤᠯᠤᠯᠳᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠳᠣᠲᠣᠭᠠᠳᠤ ᠭᠠᠳᠠᠭᠠᠳᠤ ᠶᠢ ᠵᠡᠷᠭᠡ ᠪᠠᠷ ᠵᠠᠰᠠᠵᠤ᠂ ︽ᠥᠩᠭᠡ ᠵᠢᠰᠦ︾ ᠪᠠ ︽ᠵᠠᠩ ᠠᠪᠤᠷᠢ︾ ᠬᠤᠤᠰᠯᠠᠭᠰᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃
   ᠵᠤᠨ ᠤ ᠳᠡᠯᠭᠡᠷ ᠴᠠᠭ ᠲᠤ᠂ ᠡᠪᠡᠰᠦ ᠮᠣᠳᠣ ᠬᠥᠬᠡᠷᠡᠨ ᠨᠣᠭᠤᠭᠠᠷᠠᠨ᠎ᠠ᠃ ᠵᠡᠭᠦᠨ ᠳᠥᠷᠥᠯᠵᠢ ᠪᠠᠯᠭᠠᠰᠤ ᠪᠠᠷ ᠠᠶᠠᠯᠠᠵᠤ᠂ ᠴᠠᠷᠳᠠᠮᠠᠯ ᠵᠠᠮ᠂ ᠱᠦᠢᠨᠢ ᠵᠠᠮ ᠲᠣᠰᠬᠤᠨ ᠳᠤ ᠨᠡᠪᠳᠡᠷᠡᠵᠤ᠂ ᠠᠵᠤ ᠦᠢᠯᠡᠰ ᠠᠵᠢᠯ ᠣᠯᠭᠤᠯᠲᠠ ᠵᠡᠷᠭᠡ  ᠪᠠᠷ ᠬᠦᠭᠵᠢᠵᠦ…… ᠠᠵᠤ ᠦᠢᠯᠡᠰ ᠬᠥᠭᠵᠢᠨ ᠴᠡᠴᠡᠭᠯᠡᠵᠦ᠂ ᠠᠷᠠᠳ ᠢᠷᠭᠡᠳ ᠵᠣᠯ ᠵᠢᠷᠭᠠᠯ ᠲᠠᠢ ᠰᠢᠨ᠎ᠡ ᠵᠢᠷᠤᠭ  ᠤᠳ ᠨᠢᠳᠦ ᠭᠢᠯᠠᠰᠤᠮ᠎ᠠ ᠬᠠᠷᠠᠭᠳᠠᠨ᠎ᠠ᠃
   ᠵᠡᠭᠦᠨ ᠳᠥᠷᠥᠯᠵᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦ᠋ ᠴᠠᠩ ᠴᠦᠨ ᠤ ᠴᠢᠷᠠᠢ ᠳᠤ ᠥᠪᠡᠷ  ᠤᠨ ᠡᠷᠬᠡ ᠦᠬᠡᠢ ᠣᠮᠣᠭᠰᠢᠬᠤ ᠰᠡᠳᠬᠢᠯᠭᠡ ᠢᠯᠡᠷᠡᠵᠦ᠂ ︽ᠬᠤᠶᠢᠰᠢᠳᠠ᠂ ᠮᠠᠨ ᠤ ᠡᠷᠴᠢ ᠵᠣᠷᠢᠭ ᠨᠡᠩ ᠬᠥᠪᠴᠢᠯᠡᠭᠳᠡᠨ᠎ᠡ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号