ᠲᠦᠴᠢᠦᠸᠠᠨ ᠰᠢᠶᠠᠨ᠄ ᠬᠤᠯᠪᠣᠭᠠᠯᠠᠨ ᠡᠭᠦᠳᠴᠦ ᠬᠠᠮᠲᠤ ᠪᠠᠷ ᠪᠠᠶᠢᠭᠤᠯᠤᠨ ᠰᠣᠯᠢᠯᠴᠠᠭ᠎ᠠ ᠪᠠᠨ ᠠᠬᠢᠭᠤᠯᠵᠤ ᠰᠡᠳᠬᠢᠯ ᠨᠢᠭᠡᠳᠦᠨ ᠬᠠᠷᠢᠯᠴᠠᠨ ᠬᠥᠭᠵᠢᠯᠲᠡ ᠶᠢ ᠡᠷᠢᠯᠬᠢᠯᠡᠨ᠎ᠡ
ᠨᠡᠶᠢᠲᠡᠯᠡᠭᠰᠡᠨ ᠴᠠᠭ᠄
2024/7/16
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ  ᠪᠠᠷ ᠬᠡᠷᠡᠭᠯᠡᠵᠦ ᠪᠠᠶᠢᠭᠠᠳ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤ ᠠᠰᠢᠭᠲᠠᠢ ᠨᠥᠬᠦᠴᠡᠯ ᠢ ᠡᠭᠦᠳᠴᠦ᠂ ᠢᠯᠡ ᠲᠣᠳᠣ ᠣᠷᠣᠨ ᠪᠦᠰᠡ ᠶᠢᠨ ᠣᠨᠴᠠᠯᠢᠭ ᠲᠠᠢ ᠲᠦᠴᠢᠦᠸᠠᠨ ᠤ ᠰᠢᠭᠢᠳᠬᠡᠯᠳᠦ ᠮᠠᠶ᠋ᠢᠭ ᠤᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠴᠢᠨᠡᠭᠡᠯᠢᠭᠵᠢᠬᠦ ᠵᠠᠮ ᠳᠡᠭᠡᠷ᠎ᠡ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠠᠭᠲᠠᠭᠠᠯ ᠳᠠᠭᠤᠤ ᠶᠢ ᠬᠠᠮᠲᠤ ᠪᠠᠷ ᠪᠢᠴᠢᠭᠯᠡᠵᠡᠢ᠃
   ᠲᠦᠴᠢᠦᠸᠠᠨ ᠰᠢᠶᠠᠨ ᠳᠤ 6 ᠪᠠᠯᠭᠠᠰᠤ 3 ᠰᠢᠶᠠᠩ ᠲᠠᠢ᠂ 29.04 ᠲᠦᠮᠡᠨ ᠬᠥᠮᠦᠨ ᠠᠮᠠ ᠲᠠᠢ᠃ ᠨᠡᠶᠢᠲᠡ 31 ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 93714 ᠪᠠᠶᠢᠵᠤ᠂ 32.3 % ᠶᠢ ᠡᠵᠡᠯᠡᠵᠦ ᠪᠠᠶᠢᠨ᠎ᠠ᠃ ᠡᠷᠭᠢᠨ ᠲᠣᠭᠤᠷᠢᠨ ᠢᠶᠠᠷ ᠢᠶᠠᠨ ᠭᠢᠷᠢᠨ ᠮᠤᠵᠢ ᠶᠢᠨ ᠲᠤᠤᠨᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠬᠢᠯᠢ ᠨᠡᠶᠢᠯᠡᠵᠦ᠂ ᠵᠠᠭᠠᠭ ᠱᠤᠭᠤᠮ ᠤᠨ ᠶᠡᠷᠦᠩᠬᠡᠶ ᠤᠷᠲᠤ ᠨᠢ 412.34 ᠺᠢᠯᠣᠮᠧᠲᠷ ᠪᠠᠶᠢᠵᠤ᠂ ᠨᠡᠶᠢᠲᠡ 9 ᠰᠢᠶᠠᠩ ᠪᠠᠯᠭᠠᠰᠤ᠂ 48 ᠲᠣᠰᠬᠤᠨ᠂ 4 ᠣᠶ ᠰᠢᠭᠤᠶ ᠶᠢᠨ ᠲᠠᠯᠠᠪᠠᠶ᠂ 40885 ᠬᠥᠮᠦᠨ ᠠᠮᠠ ᠲᠠᠢ ᠬᠤᠯᠪᠣᠭᠳᠠᠵᠤ᠂ 630 ᠡᠷᠦᠬᠡ ᠤᠷᠤᠭᠯᠠᠵᠠᠶ᠃ ᠦᠨᠳᠦᠰᠦᠲᠡᠨ ᠨᠦᠭᠦᠳ ᠠᠳᠡ ᠰᠣᠯᠪᠢᠴᠠᠨ ᠬᠤᠯᠢᠯᠳᠤᠨ ᠰᠠᠭᠤᠷᠢᠰᠢᠵᠤ᠂ ᠠᠳᠠᠯᠢ ᠪᠤᠰᠤ ᠵᠠᠩ ᠳᠠᠳᠬᠠᠯ᠂ ᠰᠣᠶᠣᠯ ᠠᠳᠡ ᠲᠥᠪᠯᠡᠷᠡᠵᠦ᠂ ᠠᠭᠤᠰᠤᠯᠴᠠᠨ᠂ ᠤᠯᠠᠮᠵᠢᠯᠠᠭᠳᠠᠵᠤ᠂ ᠣᠨᠴᠠᠯᠢᠭ ᠢᠶᠠᠷ ᠢᠯᠡ ᠲᠣᠳᠣ ᠪᠦᠬᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠭᠰᠠᠨ ᠲᠦᠴᠢᠦᠸᠠᠨ ᠮᠠᠶ᠋ᠢᠭ ᠤᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠪᠡ᠃
   ᠣᠶᠢᠷ᠎ᠠ ᠳᠤ᠂ ᠵᠢᠦ ᠯᠦᠩ ᠰᠢᠶᠠᠩ ᠤᠨ ᠱᠢ ᠵᠢᠶᠠ ᠽᠢ ᠲᠣᠰᠬᠤᠨ ᠤ ᠰᠣᠶᠣᠯ ᠤᠨ ᠠᠭᠤᠳᠠᠮ ᠲᠠᠯᠠᠪᠠᠶ ᠳᠤ᠂ ᠰᠢᠶᠠᠨ ᠤ ᠤᠯᠠᠭᠠᠨᠮᠥ᠋ᠴᠢᠷ ︽ᠠᠨᠠᠷ ᠤᠨ ᠦᠷ᠎ᠡ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠭᠢᠷᠢᠨ ᠮᠤᠵᠢ ᠶᠢᠨ ᠲᠤᠤᠨᠠᠨ ᠬᠤᠲᠠ ᠶᠢᠨ ᠶᠧ ᠮᠠ ᠰᠢᠶᠠᠩ ᠤᠨ ᠶᠧ ᠮᠠ ᠲᠣᠰᠬᠤᠨ ᠤ ︽ᠬᠤᠶᠠᠷ ᠵᠥᠪᠯᠡᠯ︾ ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ ᠱᠢ ᠵᠢᠶᠠ ᠽᠢ ᠲᠣᠰᠬᠤᠨ ᠳᠤ ᠰᠣᠯᠢᠯᠴᠠᠨ ᠰᠤᠷᠤᠯᠴᠠᠬᠤ ᠵᠠᠪᠰᠢᠶᠠᠨ ᠳᠤ᠂ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠦᠨᠳᠦᠰᠦᠲᠡᠨ ᠤ ᠳᠠᠭᠤᠤ ᠪᠥᠵᠢᠭ ᠢᠶᠠᠷ ᠳᠠᠮᠵᠢᠭᠤᠯᠤᠨ ᠶᠧ ᠮᠠ ᠲᠣᠰᠬᠤᠨ ᠤ ᠬᠥᠮᠦᠰ ᠲᠤ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠶᠴᠡᠳ ᠮᠡᠳᠡᠷᠡᠭᠦᠯᠪᠡ᠃
   ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠵᠢᠭᠠᠨ ᠵᠢᠯᠤᠭᠤᠳᠤᠭᠴᠢ ᠮᠠ ᠶᠢᠨ ᠳ᠋ᠦᠩ᠄ ︽ᠥᠨᠥᠳᠦᠷ ᠤᠨ ᠲᠣᠭᠯᠠᠯᠲᠠ ᠪᠣᠯ ︿ᠦᠨᠳᠦᠰᠦᠲᠡᠨ ᠤ ᠪᠦᠯᠬᠦᠮᠳᠡᠯ. ᠢᠶᠠᠷ ᠭᠤᠣᠯ ᠰᠡᠳᠦᠪ ᠪᠣᠯᠭᠠᠭᠰᠠᠨ ᠤᠷᠠᠨ ᠰᠠᠶᠢᠬᠠᠨ ᠤ ᠲᠣᠭᠯᠠᠯᠲᠠ ᠪᠣᠯᠤᠨ᠎ᠠ᠃ ᠲᠠᠶᠢᠰᠠᠨ ᠳᠣᠣᠷᠠᠬᠢ ᠦᠵᠡᠭᠴᠢᠳ ᠲᠤ ᠵᠢᠦ ᠯᠦᠩ ᠤᠨ ᠱᠢ ᠵᠢᠶᠠ ᠽᠢ ᠲᠣᠰᠬᠤᠨ ᠤ ᠠᠷᠠᠳ ᠪᠠᠶᠢᠬᠤ ᠪᠠᠷ ᠪᠠᠷᠠᠬᠤ ᠦᠭᠡᠶ ᠪᠠᠰᠠ ᠭᠢᠷᠢᠨ ᠮᠤᠵᠢ ᠶᠢᠨ ᠶᠧ ᠮᠠ ᠲᠣᠰᠬᠤᠨ ᠤ ᠠᠷᠠᠳ ᠪᠣᠯᠤᠨ ᠨᠠᠮ ᠤᠨ ᠭᠡᠰᠢᠭᠦᠨ ᠪᠠᠶᠢᠨ᠎ᠠ᠃ ᠪᠢᠳᠡ ᠦᠨᠳᠦᠰᠦᠲᠡᠨ ᠤ ᠳᠠᠭᠤᠤ ᠪᠥᠵᠢᠭ ᠪᠠ ᠣᠷᠣᠨ ᠨᠤᠲᠤᠭ ᠤᠨ ᠵᠢᠵᠢᠭ ᠵᠦᠴᠦᠭᠡ ᠶᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ᠂ ᠰᠣᠯᠢᠯᠴᠠᠭ᠎ᠠ ᠪᠠ ᠠᠭᠤᠰᠤᠯᠴᠠᠯ ᠢ ᠴᠢᠩᠭᠠᠳᠬᠠᠵᠤ᠂ ᠡᠭᠦᠨ ᠤ ᠤᠯᠠᠮ ᠠᠴᠠ ᠬᠤᠶᠠᠷ ᠭᠠᠵᠠᠷ ᠣᠷᠣᠨ ᠤ ᠰᠣᠶᠣᠯ  ᠤᠨ ᠰᠢᠭᠢᠳᠬᠡᠯ ᠰᠣᠯᠢᠯᠴᠠᠭ᠎ᠠ ᠶᠢ ᠠᠬᠢᠭᠤᠯᠤᠨ ᠳᠡᠭᠡᠭᠰᠢᠯᠡᠭᠦᠯᠪᠡ︾ ᠭᠡᠵᠡᠢ᠃
   ᠲᠣᠭᠯᠠᠯᠲᠠ ᠳᠠᠭᠤᠰᠤᠭᠰᠠᠨ ᠤ ᠳᠠᠷᠠᠭ᠎ᠠ᠂ ᠶᠧ ᠮᠠ ᠲᠣᠰᠬᠤᠨ ᠤ ︽ᠬᠤᠶᠠᠷ ᠵᠥᠪᠯᠡᠯ︾ ᠳᠠᠬᠢᠨ ᠱᠢ ᠵᠢᠶᠠ ᠽᠢ ᠲᠣᠰᠬᠤᠨ ᠤ ᠲᠠᠷᠢᠶᠠᠴᠢᠨ ᠡᠷᠦᠬᠡ ᠳᠤ ᠬᠦᠷᠴᠦ ᠮᠢᠬᠠᠨ ᠤ ᠦᠬᠡᠷ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ  ᠢ ᠲᠣᠭᠤᠷᠢᠨ ᠦᠵᠡᠪᠡ᠃ ᠬᠡᠷᠬᠢᠨ ᠨᠠᠷᠢᠯᠢᠭ ᠠᠷᠠᠴᠢᠯᠠᠨ ᠲᠡᠵᠢᠭᠡᠬᠦ ᠬᠠᠮᠢᠶᠠᠷᠤᠯᠲᠠ ᠶᠢ ᠴᠢᠩᠭᠠᠳᠬᠠᠬᠤ᠂ ᠠᠯᠠᠰᠢᠨ ᠦᠬᠡᠷ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠲᠠᠯ᠎ᠠ ᠪᠠᠷ᠂ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠲᠡᠳᠡᠨ ᠳᠤ ᠨᠠᠷᠢᠨ ᠲᠠᠶᠢᠯᠤᠮᠵᠢ ᠬᠢᠪᠠ᠃    ︽ᠱᠢ ᠵᠢᠶᠠ ᠽᠢ ᠲᠣᠰᠬᠤᠨ ᠪᠣᠯᠤᠨ ᠮᠠᠨ ᠤ ᠲᠣᠰᠬᠤᠨ ᠪᠣᠯ ᠵᠡᠷᠭᠡᠯᠡᠳᠡᠭᠡ ᠲᠣᠰᠬᠤᠨ ᠪᠣᠯᠤᠨ᠎ᠠ᠂ ᠡᠴᠢᠭᠡ  ᠶᠢᠨ ᠦᠶ᠎ᠡ ᠠᠴᠠ ᠪᠠᠨ ᠡᠬᠢᠯᠡᠨ ᠨᠢᠭᠡᠨᠲᠡ ᠰᠠᠨᠠᠯ ᠢᠶᠠᠨ ᠰᠣᠯᠢᠯᠴᠠᠪᠠ᠃ ᠲᠡᠳᠡᠨ ᠤ ᠦᠬᠡᠷ ᠲᠡᠵᠢᠭᠡᠬᠦ ᠨᠢ ᠨᠡᠯᠢᠶᠡᠳ ᠰᠠᠶᠢᠨ᠂ ᠣᠳᠣ ᠡᠬᠢᠯᠡᠨ ᠬᠠᠰᠢᠶᠠᠯᠠᠨ ᠲᠡᠵᠢᠭᠡᠬᠦ ᠪᠣᠯᠵᠠᠶ᠂ ᠡᠶᠢᠮᠦ ᠠᠴᠠ ᠪᠢ ᠮᠠᠨ ᠤ ᠲᠣᠰᠬᠤᠨ ᠤ ᠦᠬᠡᠷ ᠲᠡᠵᠢᠭᠡᠬᠦ ᠰᠠᠨᠠᠭ᠎ᠠ ᠲᠠᠢ ᠠᠷᠠᠳ ᠢ ᠳᠠᠭᠠᠭᠤᠯᠤᠨ ᠲᠣᠭᠤᠷᠢᠨ ᠦᠵᠡᠵᠦ᠂ ᠬᠠᠷᠢᠯᠴᠠᠨ ᠰᠣᠯᠢᠯᠴᠠᠨ ᠰᠤᠷᠤᠯᠴᠠᠵᠤ᠂ ᠲᠡᠳᠡᠨ ᠲᠠᠢ ᠢᠯᠡᠭᠦᠬᠡᠨ ᠲᠤᠷᠰᠢᠯᠭ᠎ᠠ ᠣᠯᠤᠨ᠎ᠠ᠃ ᠬᠤᠶᠢᠰᠢᠳᠠ ᠦᠷᠭᠦᠯᠵᠢ ᠬᠠᠷᠢᠯᠴᠠᠭ᠎ᠠ ᠪᠠᠨ ᠪᠠᠲᠤᠯᠠᠵᠤ᠂ ᠢᠯᠡᠭᠦᠬᠡᠨ ᠤᠯᠤᠯᠴᠠᠵᠤ ᠢᠯᠡᠭᠦᠬᠡᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠪᠦᠷ ᠶᠠᠮᠠᠷ ᠲᠦᠷᠦ ᠶᠢᠨ ᠪᠤᠳᠤᠯᠭ᠎ᠠ  ᠲᠠᠢ ᠪᠠᠶᠢᠬᠤ ᠶᠢ ᠦᠵᠡᠵᠦ᠂ ᠤᠯᠠᠨ ᠢᠶᠠᠷ ᠢᠶᠠᠨ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠬᠦᠰᠡᠵᠦ ᠪᠠᠶᠢᠨ᠎ᠠ︾ ᠭᠡᠵᠦ ᠬᠢᠷᠢᠨ ᠮᠤᠵᠢ ᠶᠢᠨ ᠲᠤᠤᠨᠠᠨ ᠬᠤᠳᠠ ᠶᠢᠨ ᠶᠧ ᠮᠠ ᠰᠢᠶᠠᠩ ᠤᠨ ᠶᠧ ᠮᠠ ᠲᠣᠰᠬᠤᠨ ᠤ ᠨᠠᠮ ᠤᠨ ᠡᠭᠦᠷ  ᠤᠨ ᠱᠦᠵᠢ ᠴᠢᠦ ᠹᠸᠢ ᠬᠡᠯᠡᠪᠡ᠃
   ᠶᠧ ᠮᠠ ᠲᠣᠰᠬᠤᠨ ᠨᠢ ᠱᠢ ᠵᠢᠶᠠ ᠽᠢ ᠲᠣᠰᠬᠤᠨ ᠠᠴᠠ ᠦᠬᠡᠷ ᠲᠡᠵᠢᠭᠡᠬᠦ ᠶᠢ ᠰᠤᠷᠴᠤ᠂ ᠱᠢ ᠵᠢᠶᠠ ᠽᠢ ᠲᠣᠰᠬᠤᠨ ᠨᠢ ᠶᠧ ᠮᠠ ᠲᠣᠰᠬᠤᠨ ᠠᠴᠠ ᠤᠰᠤᠨ ᠲᠤᠲᠤᠷᠭ᠎ᠠ ᠶᠢᠨ ᠡᠮ ᠢ ᠬᠤᠯᠢᠵᠤ ᠲᠠᠷᠢᠬᠤ᠂ ᠲᠠᠷᠢᠶᠠᠨ ᠭᠠᠵᠠᠷ  ᠤᠨ ᠬᠠᠮᠢᠶᠠᠷᠤᠯᠲᠠ ᠵᠡᠷᠭᠡ ᠤᠰᠤᠨ ᠲᠤᠲᠤᠷᠭ᠎ᠠ ᠲᠠᠷᠢᠬᠤ ᠲᠠᠯ᠎ᠠ ᠶᠢᠨ ᠲᠤᠷᠰᠢᠯᠭ᠎ᠠ ᠮᠡᠷᠭᠡᠵᠢᠯ ᠢ ᠰᠤᠷᠤᠯᠴᠠᠪᠠ᠃ ᠰᠤᠷᠤᠯᠴᠠᠯᠭ᠎ᠠ ᠰᠣᠯᠢᠯᠴᠠᠭ᠎ᠠ ᠪᠠᠷ ᠳᠡᠮᠵᠢᠨ ᠬᠤᠶᠠᠷ ᠭᠠᠵᠠᠷ ᠤᠨ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠤ᠂ ᠱᠢ ᠵᠢᠶᠠ ᠽᠢ ᠲᠣᠰᠬᠤᠨ 2023 ᠣᠨ ᠳᠤ ᠲᠣᠰᠬᠤᠨ ᠤ ᠠᠷᠠᠳ ᠨᠢᠭᠡᠪᠦᠷᠢ ᠳᠤ 200 ᠲᠥᠭᠦᠷᠢᠭ ᠤᠨ ᠠᠰᠢᠭ ᠣᠷᠣᠯᠭ᠎ᠠ ᠬᠤᠪᠢᠶᠠᠷᠢᠯᠠᠵᠦ᠂ ᠨᠡᠶᠢᠲᠡ 28.5 ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠪᠢᠶᠠᠪᠠ᠃ 2024 ᠣᠨ ᠳᠤ ᠪᠡᠯᠡᠨ ᠵᠣᠭᠤᠰ ᠤᠨ ᠠᠰᠢᠭ ᠬᠤᠪᠢᠶᠠᠭᠰᠠᠨ ᠰᠠᠭᠤᠷᠢᠨ ᠳᠡᠭᠡᠷ᠎ᠡ 30 ᠲᠦᠮᠡᠨ ᠲᠥᠭᠦᠷᠢᠭ ᠤᠨ ᠬᠠᠮᠲᠤ ᠶᠢᠨ ᠣᠷᠣᠯᠭ᠎ᠠ ᠶᠢ ᠬᠥᠳᠡᠭᠡ ᠲᠣᠰᠬᠤᠨ ᠤ ᠵᠠᠰᠠᠯᠲᠠ ᠳᠤ ᠬᠡᠷᠡᠭᠯᠡᠬᠦ ᠪᠠᠷ ᠲᠥᠯᠥᠪᠯᠡᠵᠦ ᠪᠣᠶ᠃
   ︽ᠪᠢᠳᠡ ᠪᠣᠯᠤᠨ ᠭᠢᠷᠢᠨ ᠮᠤᠵᠢ ᠶᠢᠨ ᠤᠶᠢᠷᠠᠯᠴᠠᠭ᠎ᠠ ᠲᠣᠰᠬᠤᠨ ᠤ ᠰᠣᠯᠢᠯᠴᠠᠭ᠎ᠠ ᠨᠢ ᠭᠤᠤᠯᠳᠠᠭᠤ ᠤᠰᠤᠨ ᠲᠤᠲᠤᠷᠭ᠎ᠠ ᠳᠡᠭᠡᠷ᠎ᠡ ᠢᠯᠡᠷᠡᠵᠦ᠂ ᠲᠡᠳᠡᠨ ᠤ ᠳᠠᠷᠢᠵᠤ ᠪᠣᠶᠢᠵᠢᠭᠤᠯᠬᠤ ᠮᠡᠷᠭᠡᠵᠢᠯ ᠢ ᠰᠤᠷᠤᠯᠴᠠᠵᠤ ᠪᠠᠶᠢᠨ᠎ᠠ᠃ ᠬᠠᠮᠲᠤ  ᠳᠤ ᠨᠢ᠂ ᠪᠢᠳᠡ ᠬᠠᠷᠢᠯᠴᠠᠨ ᠴᠤᠭᠯᠠᠭ᠎ᠠ ᠮᠠᠢᠮᠠᠢ ᠳᠤ ᠶᠠᠪᠤᠨ᠎ᠠ᠂ ᠲᠡᠷᠡ ᠮᠠᠨ ᠤ ᠠᠳᠡ ᠢᠷᠡᠨ᠎ᠡ᠂ ᠪᠢᠳᠡ ᠲᠡᠭᠦᠨ ᠤ ᠠᠳᠡ ᠢᠷᠡᠨ᠎ᠡ᠂ ᠡᠨᠡ ᠪᠣᠯ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠨᠡᠪᠲᠡᠷᠡᠯᠴᠡᠨ᠎ᠡ᠃ ᠬᠠᠶᠢᠷ᠎ᠠ ᠰᠡᠳᠬᠢᠯᠭᠡ  ᠶᠢᠨ ᠲᠠᠯ᠎ᠠ ᠪᠠᠷ ᠴᠤ ᠠᠳᠠᠯᠢ᠂ ᠭᠢᠷᠢᠨ ᠮᠠᠨ ᠤ ᠠᠳᠡ ᠠᠷᠪᠢᠨ ᠰᠠᠶᠢᠨ ᠨᠠᠶᠢᠵᠠ ᠲᠠᠢ᠂ ᠪᠢᠳᠡ ᠪᠠᠰᠠ ᠲᠡᠨᠳᠡ ᠠᠷᠪᠢᠨ ᠰᠠᠶᠢᠨ ᠨᠠᠶᠢᠵᠠ ᠲᠠᠢ᠂ ᠵᠠᠩ ᠳᠠᠳᠬᠠᠯ ᠦᠨᠳᠦᠰᠦᠨ ᠳᠡᠭᠡᠨ ᠪᠦᠷ ᠪᠠᠭ᠎ᠠ᠃ ᠤᠯᠠᠨ ᠢᠶᠠᠷ ᠢᠶᠠᠨ ᠲᠧᠭᠨᠢᠭ ᠮᠡᠷᠭᠡᠵᠢᠯ ᠢᠶᠠᠨ ᠬᠠᠷᠢᠯᠴᠠᠨ ᠰᠣᠯᠢᠯᠴᠠᠵᠤ᠂ ᠠᠵᠤ ᠠᠬᠤᠢ ᠪᠠᠨ ᠬᠠᠷᠢᠯᠴᠠᠨ ᠰᠣᠯᠢᠯᠴᠠᠵᠤ᠂ ᠬᠠᠶᠢᠷ᠎ᠠ ᠰᠡᠳᠬᠢᠯᠭᠡ  ᠪᠠᠨ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠴᠤ᠂ ᠰᠠᠶᠢᠨ ᠲᠠᠯ᠎ᠠ ᠶᠢ ᠨᠢ ᠠᠪᠴᠤ ᠲᠤᠳᠠᠭᠳᠠᠯ ᠲᠠᠢ ᠲᠠᠯ᠎ᠠ ᠪᠠᠨ ᠨᠥᠬᠦᠪᠥᠷᠢᠯᠡᠳᠡᠭ︕︾ ᠭᠡᠵᠦ ᠵᠢᠦ ᠯᠦᠩ ᠰᠢᠶᠠᠩ ᠤᠨ ᠱᠢ ᠵᠢᠶᠠ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠦ ᠬᠡᠯᠡᠨ᠎ᠡ᠃
   ᠯᠢᠦ ᠬᠣ᠋ ᠪᠠᠯᠭᠠᠰᠤᠨ ᠳᠤ ᠪᠠᠶᠢᠭ᠎ᠠ ᠲᠠᠷᠢᠶᠠᠯᠠᠩ ᠤᠨ ᠣᠨᠴᠠ ᠭᠠᠷᠤᠯᠲᠠ ᠡᠳ᠋ᠰᠢᠭᠦᠯᠦᠨ ᠦᠢᠯᠡᠰ ᠪᠣᠰᠬᠠᠬᠤ ᠠᠵᠤ ᠦᠢᠯᠡᠰ ᠤᠨ ᠬᠦᠷᠢᠶᠡᠯᠡᠩ ᠨᠢ ᠠᠶᠢᠮᠠᠭ ᠤᠨ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ  ᠢᠶᠠᠷ ᠦᠨᠡᠯᠡᠭᠳᠡᠪᠡ᠃ ᠬᠦᠷᠢᠶᠡᠯᠡᠩ ᠲᠣᠭᠤᠷᠢᠭ ᠨᠢ ᠠᠵᠤ ᠠᠬᠤᠶᠢᠯᠠᠯ ᠤᠨ ᠪᠦᠬᠦ ᠬᠡᠯᠬᠢᠶᠡᠰᠦ ᠶᠢᠨ ᠬᠠᠮᠢᠶᠠᠷᠤᠯᠲᠠ ᠶᠢ ᠣᠷᠣᠭᠤᠯᠤᠨ ᠠᠪᠴᠢᠷᠠᠵᠤ᠂ ᠭᠠᠳᠠᠭᠰᠢ ᠪᠣᠷᠣᠯᠠᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠨ᠂ ᠡᠷᠭᠢᠨ ᠲᠣᠭᠤᠷᠢᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠨ᠎ᠡ᠃ ︽ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ᠂ ᠺᠣᠮᠫᠠᠨᠢ ᠶᠢᠨ ᠡᠵᠡᠩᠨᠡᠯᠲᠡ᠂ ᠣᠯᠠᠨ ᠲᠦᠮᠡᠨ ᠤ ᠳᠡᠮᠵᠢᠯᠭᠡ︾ ᠶᠢᠨ ᠵᠠᠭᠪᠤᠷ ᠳᠣᠤᠷ᠎ᠠ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠬᠠᠮᠲᠤ ᠪᠠᠷ ᠪᠠᠶᠢᠭᠤᠯᠵᠤ ᠬᠠᠮᠲᠤ  ᠪᠠᠷ ᠡᠳ᠋ᠯᠡᠬᠦ ᠪᠠᠶᠢᠷᠢᠰᠢᠯ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠡᠷᠬᠢᠨ ᠲᠣᠭᠤᠷᠢᠨ ᠤ 4 ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ 8 ᠬᠠᠮᠲᠤ ᠪᠠᠷ ᠪᠠᠶᠢᠭᠤᠯᠬᠤ ᠲᠣᠰᠬᠤᠨ ᠳᠤ 850 ᠮᠥ ᠢᠳᠡᠰᠢᠨ ᠮᠥᠭᠦ ᠳᠠᠷᠢᠬᠤ ᠶᠢ ᠳᠠᠶᠢᠴᠢᠯᠠᠵᠤ᠂ ᠠᠵᠤ ᠦᠶᠯᠡᠰ ᠤᠨ ᠬᠠᠷᠢᠯᠴᠠᠨ ᠰᠢᠭᠢᠳᠬᠡᠨ ᠬᠥᠭᠵᠢᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠨᠡᠶᠢᠭᠡᠮ ᠤᠨ ᠬᠠᠷᠢᠯᠴᠠᠨ ᠰᠢᠭᠢᠳᠬᠡᠬᠦ ᠰᠠᠭᠤᠷᠢ ᠶᠢ ᠪᠠᠬᠢᠵᠢᠭᠦᠯᠪᠡ᠃    ᠯᠢᠦ ᠬᠣ᠋ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠸᠠᠩ ᠶᠠᠨ ᠹᠸᠢ ᠲᠠᠨᠢᠯᠴᠠᠭᠤᠯᠬᠤ ᠳᠠᠭᠠᠨ᠄ ︽ᠮᠠᠨ ᠤ ᠯᠢᠦ ᠬᠣ᠋ ᠶᠢᠨ ᠲᠠᠷᠢᠶᠠᠯᠠᠩ ᠤᠨ ᠣᠨᠴᠠ ᠭᠠᠷᠤᠯᠲᠠ ᠡᠳ᠋ᠰᠢᠭᠦᠯᠦᠨ ᠦᠶᠯᠡᠰ ᠴᠣᠭᠴᠠᠯᠠᠬᠤ ᠠᠵᠤ ᠦᠶᠯᠡᠰ  ᠤᠨ ᠬᠦᠷᠢᠶᠡᠯᠡᠩ ᠯᠢᠦ ᠬᠣ᠋ ᠬᠠᠭᠤᠷᠠᠶ ᠳ᠋ᠧᠦᠹᠦ᠋ ᠶᠢᠨ ᠰᠣᠶᠣᠯ ᠢ ᠪᠠᠳᠠᠷᠠᠭᠤᠯᠵᠤ᠂ ︿ᠯᠢᠦ ᠬᠣ᠋ ᠶᠢᠨ ᠭᠤᠷᠪᠠᠨ ᠡᠷᠳᠡᠨᠢ ﹀ ᠶᠢᠨ ᠨᠠᠷᠠᠲᠤ ᠲᠡᠮᠳᠡᠭ ᠢ ᠡᠭᠦᠳᠴᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ  ᠪᠠᠷ ᠴᠡᠴᠡᠭᠯᠡᠨ ᠬᠥᠭᠵᠢᠭᠰᠡᠨ ᠥᠯᠢᠭᠡᠷ ᠢ ᠰᠠᠶᠢᠲᠤᠷ ᠶᠠᠷᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠶᠣᠯ ᠤᠨ ᠬᠠᠮᠲᠤ  ᠶᠢᠨ ᠲᠠᠨᠢᠯᠲᠠ ᠶᠢ ᠨᠡᠮᠡᠭᠳᠡᠭᠦᠯᠪᠡ᠃ ᠮᠠᠨ ᠤ ᠠᠵᠤ ᠦᠶᠯᠡᠰ ᠤᠨ ᠬᠦᠷᠢᠶᠡᠯᠡᠩ ᠤᠨ ᠡᠮᠦᠨ᠎ᠡ ᠦᠵᠦᠭᠦᠷ ᠨᠢ ᠬᠦᠷᠢᠶ᠎ᠡ ᠬᠠᠰᠢᠶᠠᠨ ᠤ ᠠᠵᠤ ᠠᠬᠤᠶ ᠶᠢ ᠬᠤᠯᠪᠣᠵᠤ᠂ ᠳᠤᠮᠳᠠ ᠦᠵᠦᠭᠦᠷ ᠲᠤ ᠦᠨᠳᠦᠰᠦᠲᠡᠨ ᠨᠦᠭᠦᠳ ᠤᠨ ᠣᠯᠠᠨ ᠲᠦᠮᠡᠨ  ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠡᠴᠦᠰ ᠤᠨ ᠦᠵᠦᠭᠦᠷ ᠲᠤ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠦᠨᠳᠦᠰᠦᠲᠡᠨ ᠨᠦᠭᠦᠳ ᠤᠨ ᠠᠭᠤᠰᠤᠯᠴᠠᠯ᠂ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠣᠯᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢ ᠬᠦᠴᠦᠲᠡᠶ ᠠᠬᠢᠭᠤᠯᠪᠠ︾ ᠭᠡᠵᠡᠢ᠃    ᠲᠦᠴᠢᠦᠸᠠᠨ ᠰᠢᠶᠠᠨ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠶᠢ ᠠᠵᠤ ᠦᠶᠯᠡᠰ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠤᠯᠭᠠᠵᠦ᠂ ᠨᠣᠭᠤᠭᠠᠨ ᠤ ᠬᠦᠷᠢᠶᠡᠯᠡᠩ᠂ ᠵᠢᠮᠢᠰ ᠤᠨ ᠬᠦᠷᠢᠶᠡᠯᠡᠩ᠂ ᠴᠡᠴᠡᠭ ᠤᠨ ᠬᠦᠷᠢᠶᠡᠯᠡᠩ᠂ ᠲᠤᠭᠤᠷᠢᠬᠤ ᠬᠦᠷᠢᠶᠡᠯᠡᠩ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ︽ᠲᠠᠪᠤᠨ ᠬᠦᠷᠢᠶᠡᠯᠡᠩ︾ ᠢ ᠬᠠᠮᠲᠤ ᠪᠠᠷ ᠪᠦᠲᠦᠭᠡᠨ ᠪᠠᠶᠢᠭᠤᠯᠬᠤ ᠣᠶᠢᠯᠠᠭᠠᠭᠳᠠᠬᠤᠨ ᠢ ᠪᠠᠷᠢᠮᠳᠠᠯᠠᠵᠦ᠂ ᠣᠷᠣᠨ ᠪᠦᠰᠡᠵᠢᠯᠲᠡ᠂ ᠲᠣᠪᠶᠣᠭᠴᠢᠯᠠᠬᠤ᠂ ᠠᠵᠤ ᠦᠢᠯᠡᠰᠵᠢᠭᠦᠯᠬᠦ᠂ ᠨᠡᠷ᠎ᠡ ᠲᠡᠮᠳᠡᠭᠴᠢᠯᠡᠬᠦ᠂ ︽ᠲᠠᠪᠤ ᠶᠢ ᠤᠷᠲᠤ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠠᠵᠢᠯ ᠤᠨ ᠠᠷᠭ᠎ᠠ︾  ᠪᠠᠷ ᠲᠠᠮᠵᠢᠨ᠂ ᠪᠦᠬᠦ ᠰᠢᠶᠠᠨ  ᠳᠤ ᠬᠦᠷᠢᠶᠡᠨ ᠤ ᠠᠵᠤ ᠠᠬᠤᠶ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠂ ᠡᠷᠦᠬᠡ ᠪᠦᠷᠢ ᠶᠢᠨ ᠵᠢᠯ ᠤᠨ ᠣᠷᠣᠯᠭ᠎ᠠ 2000 ᠲᠥᠭᠦᠷᠢᠭ ᠠᠴᠠ ᠳᠡᠭᠡᠭᠰᠢ ᠨᠡᠮᠡᠭᠳᠡᠪᠡ᠂ ᠬᠥᠳᠡᠭᠡ ᠲᠣᠰᠬᠤᠨ ᠤ ᠬᠡᠷ ᠪᠦᠯᠢ ᠶᠢᠨ ᠬᠦᠷᠢᠶᠡᠯᠡᠩ ᠢ ᠠᠯᠬᠤᠮ ᠠᠯᠬᠤᠮ ᠢᠶᠠᠷ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ︽ᠪᠠᠶᠠᠵᠢᠯ ᠤᠨ ᠬᠦᠷᠢᠶᠡᠯᠡᠩ︾ ᠪᠣᠯᠭᠠᠨ ᠪᠥᠲᠥᠭᠡᠨ ᠪᠠᠶᠢᠭᠤᠯᠤᠨ᠎ᠠ᠂ ᠨᠠᠩ ᠴᠤ ᠪᠦᠲᠦᠭᠡᠨ ᠪᠠᠶᠢᠭᠤᠯᠤᠯᠲᠠ ᠶᠢᠨ ᠳᠤᠮᠳᠠ ᠨᠢᠭᠲᠠᠷᠠᠭᠤᠯᠤᠭᠰᠠᠨ ᠤᠷᠤᠭᠰᠢᠯᠠᠨ ᠳᠠᠪᠰᠢᠬᠤ ᠬᠦᠴᠦᠨ᠂ ᠣᠶᠤᠨ ᠰᠠᠨᠠᠭᠠᠨ ᠤ ᠬᠦᠴᠦᠨ ᠴᠢᠳᠠᠯ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠴᠢᠰᠤ ᠮᠢᠬᠠᠨ ᠳᠤ ᠭᠦᠨ ᠠᠭᠤᠰᠬᠠᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠪᠣᠯᠪᠠ᠃    ᠯᠢᠦ ᠬᠣ᠋ ᠪᠠᠯᠭᠠᠰᠤᠨ ᠤ ᠶᠦᠩ ᠹᠠᠨ ᠲᠣᠰᠬᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠤᠨᠴᠠᠯᠢᠭᠳᠤ ᠬᠦᠷᠢᠶ᠎ᠡ ᠬᠠᠰᠢᠶᠠᠨ ᠤ ᠳᠠᠷᠢᠵᠤ ᠲᠡᠵᠢᠭᠡᠬᠦ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ︽ᠰᠢᠳ ᠭᠦᠢᠯᠡᠰᠦ + ᠡᠮ ᠤᠨ ᠮᠠᠲ᠋ᠧᠷᠢᠶᠠᠯ︾ ᠤᠨ ᠵᠠᠭᠪᠤᠷ ᠢ ᠬᠥᠭᠵᠢᠭᠦᠯᠵᠦ᠂ ᠡᠯ᠎ᠡ ᠦᠨᠳᠦᠰᠦᠲᠡᠨ ᠤ ᠲᠣᠰᠬᠤᠨ ᠤ ᠠᠷᠠᠳ ᠰᠣᠯᠢᠯᠴᠠᠭ᠎ᠠ ᠰᠤᠷᠤᠯᠴᠠᠯᠭ᠎ᠠ ᠪᠠᠨ ᠴᠢᠩᠭᠠᠳᠬᠠᠵᠤ᠂ ᠪᠠᠶᠠᠵᠢᠬᠤ ᠵᠠᠮ ᠳᠡᠭᠡᠷ᠎ᠡ ᠭᠠᠷ ᠬᠤᠯᠪᠣᠨ ᠬᠠᠮᠲᠤ ᠪᠠᠷ ᠤᠷᠤᠭᠰᠢᠯᠠᠪᠠ᠃    ᠶᠦᠩ ᠹᠠᠨ ᠲᠣᠰᠬᠤᠨ ᠤ ᠲᠠᠷᠢᠶᠠᠴᠢᠨ ᠡᠷᠦᠬᠡ ᠶᠢᠨ ᠬᠦᠷᠢᠶᠡᠨ ᠳᠤ ᠣᠷᠣᠬᠤ ᠳᠤ᠂ ᠮᠣᠩᠭᠤᠯ ᠦᠨᠳᠦᠰᠦᠲᠡᠨ  ᠤ ᠠᠵᠤ ᠦᠶᠯᠡᠰ ᠤᠨ ᠵᠢᠭᠠᠨ ᠵᠢᠯᠣᠭᠤᠳᠣᠭᠴᠢ ᠭᠤᠸᠠᠨ ᠴᠢᠩ ᠱᠦᠶ ᠶᠠᠭ ᠬᠢᠲᠠᠳ ᠦᠨᠳᠦᠰᠦᠲᠡᠨ ᠤ ᠲᠣᠰᠬᠤᠨ  ᠤ ᠠᠷᠠᠳ ᠲᠤ ᠡᠮ ᠤᠨ ᠮᠠᠲ᠋ᠧᠷᠢᠶᠠᠯ ᠤᠨ ᠬᠤᠷᠣᠬᠠᠶ ᠬᠥᠭᠡᠭᠡᠬᠦ ᠮᠡᠷᠭᠡᠵᠢᠯ ᠢ ᠵᠢᠯᠣᠭᠤᠳᠴᠤ ᠪᠠᠶᠢᠯ᠎ᠠ᠃ ᠶᠦᠩ ᠹᠠᠨ ᠲᠣᠰᠬᠤᠨ ᠳᠤ ᠨᠡᠶᠢᠲᠡ 184 ᠡᠷᠦᠬᠡ ᠲᠣᠰᠬᠤᠨ ᠤ ᠠᠷᠠᠳ ᠬᠦᠷᠢᠶ᠎ᠡ ᠬᠠᠰᠢᠶ᠎ᠠ ᠳᠠᠭᠠᠨ ᠡᠯ᠎ᠡ ᠵᠦᠶᠯ ᠤᠨ ᠡᠮ ᠤᠨ ᠮᠠᠲ᠋ᠧᠷᠢᠶᠠᠯ ᠳᠠᠷᠢᠵᠤ᠂ ᠨᠡᠶᠢᠲᠡ 93 ᠮᠥ ᠳᠠᠷᠢᠵᠤ᠂ ᠣᠯᠠᠨ ᠢᠶᠠᠷ ᠢᠶᠠᠨ ᠳᠠᠷᠢᠵᠤ ᠠᠷᠠᠴᠢᠯᠠᠬᠤ ᠲᠠᠯ᠎ᠠ ᠪᠠᠷ ᠠᠰᠠᠭᠤᠳᠠᠯ ᠭᠠᠷᠪᠠᠯ ᠴᠥᠮ ᠭᠤᠸᠠᠨ ᠴᠢᠩ ᠱᠦᠶ ᠠᠴᠠ ᠠᠰᠠᠭᠤᠨ ᠯᠠᠪᠯᠠᠳᠠᠭ᠃    ︽ᠡᠩ ᠤᠨ ᠦᠶ᠎ᠡ ᠳᠤ ᠠᠰᠠᠭᠤᠳᠠᠯ ᠭᠠᠷᠪᠠᠯ᠂ ᠲᠡᠳᠡ ᠪᠦᠷ ᠤᠲᠠᠰᠤ ᠢᠷᠡᠭᠦᠯᠵᠦ ᠨᠠᠳᠠ ᠠᠴᠠ ᠠᠰᠠᠭᠤᠳᠠᠭ᠂ ᠤᠲᠠᠰᠤ ᠪᠠᠷ ᠰᠢᠶᠳᠪᠦᠷᠢᠯᠡᠵᠦ ᠪᠣᠯᠬᠤ ᠦᠭᠡᠢ ᠪᠣᠯ ᠪᠢ ᠭᠡᠷ ᠲᠡᠭᠡᠨ ᠣᠴᠢᠵᠤ ᠦᠵᠡᠨ᠎ᠡ᠃ ᠥᠨᠥᠳᠦᠷ ᠬᠤᠷᠣᠬᠠᠶ  ᠶᠢᠨ ᠬᠥᠨᠥᠭᠡᠯ ᠤᠨ ᠠᠰᠠᠭᠤᠳᠠᠯ ᠢ ᠰᠢᠢᠳᠪᠦᠷᠢᠯᠡᠵᠦ᠂ ︿ᠬᠤᠷᠣᠬᠠᠶ ᠶᠢᠨ ᠬᠥᠨᠥᠭᠡᠯ ᠢ ᠬᠡᠷᠬᠢᠨ ᠰᠡᠷᠭᠡᠶᠢᠯᠡᠨ ᠵᠠᠰᠠᠬᠤ﹀ ︿ᠬᠤᠷᠣᠬᠠᠶ ᠶᠢᠨ ᠬᠥᠨᠥᠭᠡᠯ ᠡᠭᠦᠰᠦᠭᠰᠡᠨ ᠤ ᠳᠠᠷᠠᠭ᠎ᠠ ᠶᠠᠮᠠᠷ ᠡᠮ ᠴᠣᠬᠢᠬᠤ﹀ ︿ᠡᠮ ᠴᠢᠳᠬᠤᠬᠤ ᠬᠠᠷᠢᠴᠠᠯ ᠨᠢ ᠬᠡᠳᠦᠶ﹀ ᠵᠡᠷᠭᠡ ᠡᠶᠢᠮᠦᠷᠬᠦᠦ ᠠᠰᠠᠭᠤᠳᠠᠯ ᠢ ᠪᠦᠷ ᠲᠡᠳᠡᠨ ᠳᠤ ᠵᠢᠭᠠᠵᠤ ᠥᠭᠬᠦ ᠬᠡᠷᠡᠭᠲᠡᠶ᠃︾ ᠭᠡᠵᠦ ᠯᠢᠦ ᠬᠤ᠋ ᠪᠠᠯᠭᠠᠰᠤ ᠶᠢᠨ ᠶᠦᠩ ᠹᠠᠨ ᠲᠣᠰᠬᠤᠨ ᠤ ᠠᠵᠤ ᠦᠶᠯᠡᠰ ᠤᠨ ᠵᠢᠭᠠᠨ ᠵᠢᠯᠣᠭᠤᠳᠣᠭᠴᠢ ᠭᠤᠸᠠᠨ ᠴᠢᠩ ᠱᠦᠶ ᠬᠡᠯᠡᠭᠰᠡᠨ ᠢᠶᠠᠨ ᠵᠠᠯᠭᠠᠭᠠᠳ᠄ ︽ᠰᠠᠯᠬᠢ ᠶᠢ ᠰᠡᠷᠭᠡᠶᠢᠯᠡᠬᠦ ᠭᠤᠤ ᠰᠤᠪᠠᠭ ᠭᠠᠷᠭᠠᠵᠤ᠂ ᠴᠤᠭᠤᠷ ᠨᠣᠭᠤᠭ᠎ᠠ ᠳᠠᠷᠢᠬᠤ  ᠲᠠᠢ ᠠᠳᠠᠯᠢ ᠪᠠᠷ ᠴᠢᠭᠢᠭ ᠤᠨ ᠬᠡᠮᠵᠢᠶ᠎ᠡ ᠶᠢ ᠪᠠᠲᠤᠯᠠᠬᠤ ᠬᠡᠷᠡᠭᠲᠡᠶ᠂ ᠬᠥᠷᠥᠰᠥᠨ ᠤ ᠴᠢᠭᠢᠭ ᠤᠨ ᠬᠡᠮᠵᠢᠶ᠎ᠡ ᠭᠦᠶᠴᠡᠪᠡᠯ ᠰᠠᠶ᠋ᠢ ᠤᠷᠭᠤᠵᠤ ᠴᠢᠳᠠᠨ᠎ᠠ︾ ᠭᠡᠨ᠎ᠡ᠃    ᠲᠦᠴᠢᠦᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠪᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠭᠠᠷ ᠬᠤᠯᠪᠣᠨ ᠬᠠᠮᠲᠤ ᠪᠠᠷ ᠤᠷᠤᠭᠰᠢᠯᠠᠪᠠ᠃    ︽ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠵᠦ᠂ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠶ ᠪᠠᠶᠢᠭᠤᠯᠬᠤ ᠬᠡᠷᠡᠭᠲᠡᠶ᠂ ᠲᠦᠴᠢᠦᠸᠠᠨ ᠰᠢᠶᠠᠨ 133 ᠠᠵᠢᠯ ᠤᠨ ᠵᠠᠭᠪᠤᠷ ᠤᠨ ᠰᠢᠨ᠎ᠡ  ᠶᠢ ᠡᠭᠦᠳᠴᠦ᠂ ︿ᠯᠢᠦ ᠾᠧ ᠮᠠᠶ᠋ᠢᠭ ᠤᠨ ᠰᠢᠭᠢᠳᠬᠡᠯᠳᠦ ᠵᠠᠭᠪᠤᠷ﹀ ᠢ ᠤᠬᠠᠭᠤᠯᠤᠨ ᠲᠡᠯᠭᠡᠷᠡᠭᠦᠯᠵᠦ᠂ ᠰᠢᠶᠠᠨ ᠤ ᠳᠣᠲᠣᠷᠠᠬᠢ ᠪᠠ ᠬᠥᠷᠰᠢ ᠵᠡᠷᠭᠡᠯᠡᠳᠡᠭᠡ ᠮᠤᠵᠢ ᠬᠤᠲᠠ ᠬᠤᠰᠢᠭᠤ ᠰᠤᠮᠤ ᠰᠢᠶᠠᠩ ᠪᠠᠯᠭᠠᠰᠤᠨ ᠤ ᠦᠨᠳᠦᠰᠦᠲᠡᠨ  ᠨᠦᠭᠦᠳ ᠤᠨ ᠣᠯᠠᠨ ᠲᠦᠮᠡᠨ ᠤ ᠬᠤᠯᠪᠣᠭᠠᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠶᠢ ᠪᠥᠬᠦ ᠣᠷᠣᠨ ᠪᠦᠰᠡ  ᠳᠤ ᠪᠥᠬᠦ ᠲᠠᠯ᠎ᠠ ᠪᠠᠷ ᠠᠬᠢᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠯᠳᠦ ᠮᠠᠶ᠋ᠢᠭ ᠤᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠨ᠎ᠡ᠂ ᠡᠯ᠎ᠡ ᠦᠨᠳᠦᠰᠦᠲᠡᠨ ᠬᠠᠮᠲᠤ ᠰᠠᠭᠤᠵᠤ ᠬᠠᠮᠲᠤ ᠰᠤᠷᠤᠯᠴᠠᠬᠤ ᠶᠢ ᠡᠭᠦᠳᠴᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠠᠵᠢᠯᠯᠠᠵᠤ ᠬᠠᠮᠲᠤ ᠵᠢᠷᠭᠠᠬᠤ ᠨᠡᠶᠢᠭᠡᠮ ᠤᠨ ᠨᠥᠬᠦᠴᠡᠯ᠂ ᠡᠯ᠎ᠡ ᠦᠨᠳᠦᠰᠦᠲᠡᠨ ᠣᠷᠣᠨ ᠵᠠᠶ ᠳᠤ ᠪᠠᠶᠢᠬᠤ ᠶᠢ ᠪᠡᠶᠡᠯᠡᠭᠦᠯᠬᠦ᠂ ᠰᠣᠶᠣᠯ᠂ ᠠᠵᠦ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠶᠢᠨ ᠪᠦᠬᠦ ᠲᠠᠯ᠎ᠠ ᠶᠢᠨ ᠰᠢᠬᠢᠳᠭᠡᠨ᠎ᠡ︾ ᠭᠡᠵᠦ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠲᠦᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号