ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠡᠬᠢᠯᠡᠪᠡ ᠵᠧᠩ ᠬᠤᠨᠭ ᠹᠠᠨ ᠤᠷᠤᠯᠴᠠᠵᠦ ᠶᠠᠩ ᠶᠢᠨ ᠨᠠᠭᠠᠳᠤᠮ ᠡᠬᠢᠯᠡᠭᠰᠡᠨ ᠢ ᠵᠠᠷᠯᠠᠵᠤ ᠵᠠᠩ ᠪᠠᠢ ᠴᠧᠩ ᠤᠭᠲᠤᠯᠭ᠎ᠠ ᠶᠢᠨ ᠦᠭᠡ ᠬᠡᠯᠡᠵᠡᠢ
ᠨᠡᠶᠢᠲᠡᠯᠡᠭᠰᠡᠨ ᠴᠠᠭ᠄
2024/7/16
   7 ᠰᠠᠷ᠎ᠠ ᠶᠢᠨ 14 ᠤ ᠡᠳᠦᠷ᠂ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠡᠬᠢᠯᠡᠯ᠎ᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠨᠭ ᠹᠠᠨ ᠤᠷᠤᠯᠴᠠᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠨᠠᠭᠠᠳᠤᠮ ᠡᠬᠢᠯᠡᠭᠰᠡᠨ ᠢ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠤᠭᠲᠤᠯᠭ᠎ᠠ ᠶᠢᠨ ᠦᠭᠡ ᠬᠡᠯᠡᠵᠡᠢ᠃    ᠲᠤᠰ ᠬᠤᠭᠤᠴᠠᠭᠠᠨ ᠤ ᠨᠠᠭᠠᠳᠤᠮ ᠳᠤ ᠤᠯᠠᠮᠵᠢᠯᠠᠯᠲᠤ ᠤᠷᠤᠯᠳᠤᠭᠠᠨ ᠤ ᠲᠦᠷᠦᠯ ᠵᠦᠢᠯ᠂ ᠲᠠᠯ᠎ᠠ ᠨᠤᠲᠤᠭ ᠤᠨ ᠵᠢᠭᠤᠯᠴᠢᠳ ᠤᠨ ᠭᠤᠷᠪᠠᠨ ᠲᠦᠷᠦᠯ ᠤᠨ ᠮᠥᠷᠦ᠋ᠢᠴᠡᠭᠡᠨ᠂ ᠪᠠᠭᠠᠴᠤᠳ ᠤᠨ ᠨᠠᠭᠠᠳᠤᠮ᠂ ︽ᠤᠶᠠᠩᠭ᠎ᠠ ᠳᠠᠭᠤᠤ ᠶᠢᠨ ᠥᠪᠥᠷ ᠮᠣᠩᠭᠤᠯ ︾ ᠵᠡᠷᠭᠡ ᠠᠵᠢᠯᠯᠠᠭ᠎ᠠ ᠲᠣᠬᠢᠷᠠᠭᠤᠯᠤᠭᠰᠠᠨ ᠪᠠᠶᠢᠨ᠎ᠠ᠃ ᠪᠠᠰᠠ ᠲᠤᠰ ᠬᠤᠭᠤᠴᠠᠭᠠᠨ ᠤ ᠨᠠᠭᠠᠳᠤᠮ ᠡᠬᠢᠯᠡᠭᠰᠡᠨ ᠠᠴᠠ 8 ᠰᠠᠷ᠎ᠠ ᠪᠤᠯᠳᠠᠯ᠎ᠠ ᠦᠷᠭᠦᠯᠵᠢᠯᠡᠭᠰᠡᠨ ᠴᠢᠨᠠᠷᠲᠠᠢ ᠨᠠᠭᠠᠳᠤᠮ ᠤᠨ ᠠᠵᠢᠯᠯᠠᠭ᠎ᠠ ᠡᠷᠭᠢᠯᠡᠵᠦ᠂ ᠥᠷᠭᠡᠨ ᠤᠯᠠᠨ ᠵᠢᠭᠤᠯᠴᠢᠯᠠᠬᠰᠠᠳ ᠲᠤ ᠲᠠᠯ᠎ᠠ ᠨᠤᠲᠤᠭ ᠤᠨ ᠨᠠᠭᠠᠳᠤᠮ ᠤᠨ ᠬᠠᠪᠤ ᠴᠡᠩᠭᠡᠯ ᠪᠠᠶᠠᠷ ᠵᠢᠷᠭᠠᠯ ᠢ ᠡᠳ᠋ᠯᠡᠭᠦᠯᠭᠦ ᠪᠣᠯᠣᠨ᠎ᠠ᠃    ᠣᠶᠢᠷ᠎ᠠ ᠶᠢᠨ ᠵᠢᠯ ᠳᠤ ᠮᠠᠨ ᠤ ᠣᠷᠣᠨ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ · ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ ︾᠂ ︽ᠤᠶᠠᠩᠭ᠎ᠠ ᠳᠠᠭᠤᠤ ᠶᠢᠨ ᠥᠪᠥᠷ ᠮᠣᠩᠭᠤᠯ ︾ ᠵᠡᠷᠭᠡ ᠭᠤᠣᠯ ᠰᠡᠳᠦᠪᠲᠦ ᠲᠥᠷᠥᠯ ᠲᠡᠮᠳᠡᠭ ᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠠᠷ ᠥᠷᠭᠡᠨ ᠲᠦᠮᠡᠨ ᠳᠤ ᠠᠰᠢᠭ ᠬᠦᠷᠲᠡᠭᠡᠵᠡᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号