ᠴᠠᠷᠭᠠᠰᠤ ᠶᠢᠨ ᠲᠠᠷᠢᠶᠠᠨ ᠤ ᠬᠠᠮᠢᠶᠠᠷᠤᠯᠲᠠ ᠶᠢᠨ ᠮᠡᠷᠭᠡᠵᠢᠯ
ᠨᠡᠶᠢᠲᠡᠯᠡᠭᠰᠡᠨ ᠴᠠᠭ᠄
2024/7/17
   ᠨᠢᠭᠡ᠂ ᠤᠰᠤᠯᠠᠯᠲᠠ    ᠪᠣᠷᠣ ᠴᠠᠷᠭᠠᠰᠤ ᠶᠢᠨ ᠦᠨᠳᠦᠰᠦ ᠨᠢ ᠬᠦᠭᠵᠢᠭᠭᠦᠢ᠂ ᠭᠦᠨ ᠳᠠᠪᠬᠤᠷᠭ᠎ᠠ ᠶᠢᠨ ᠬᠥᠷᠥᠰᠥ ᠰᠢᠷᠣᠢ ᠶᠢᠨ ᠤᠰᠤ ᠶᠢ ᠰᠢᠩᠭᠡᠬᠡᠨ ᠠᠪᠴᠤ᠂ ᠭᠠᠩ ᠳᠤ ᠲᠡᠰᠪᠦᠷᠢᠲᠡᠢ ᠪᠠᠶᠢᠳᠠᠭ᠃ ᠡᠪᠦᠯ ᠤᠨ ᠤᠯᠠᠷᠢᠯ ᠤᠨ ᠤᠰᠤᠯᠠᠯᠲᠠ ᠶᠢᠨ ᠡᠪᠦᠯᠵᠢᠬᠦ ᠤᠰᠤ ᠪᠤᠶᠤ ᠬᠠᠪᠤᠷ ᠤᠨ ᠤᠯᠠᠷᠢᠯ ᠤᠨ ᠨᠣᠭᠤᠭᠠᠷᠠᠬᠤ ᠬᠤᠭᠤᠴᠠᠭᠠᠨ ᠳᠤ ᠤᠰᠤᠯᠠᠵᠤ᠂ ᠭᠠᠩ ᠬᠠᠭᠰᠠᠷᠠᠭᠠᠨ ᠤ ᠦᠶ᠎ᠡ ᠳᠤ ᠤᠰᠤᠯᠠᠳᠠᠭ᠃    ᠬᠤᠶᠠᠷ᠂ ᠡᠪᠡᠰᠦ ᠠᠷᠢᠯᠭᠠᠬᠤ ᠰᠢᠢᠳᠪᠦᠷᠢᠯᠡᠯᠲᠡ    ᠡᠪᠦᠯ ᠬᠠᠪᠤᠷ ᠤᠨ ᠤᠯᠠᠷᠢᠯ ᠳᠤ ᠡᠪᠡᠰᠦ ᠠᠷᠢᠯᠭᠠᠬᠤ ᠴᠢᠬᠤᠯᠠ ᠦᠭᠡᠢ᠃ ᠨᠢᠯᠬ᠎ᠠ ᠴᠢᠬᠢ ᠶᠢᠨ ᠡᠰᠢ ᠨᠢ 10cm ᠥᠨᠳᠥᠷ ᠪᠣᠯᠤᠭᠰᠠᠨ ᠤ ᠳᠠᠷᠠᠭ᠎ᠠ ᠡᠪᠡᠰᠦ ᠠᠷᠢᠯᠭᠠᠬᠤ ᠠᠵᠢᠯ ᠢ ᠬᠢᠵᠦ ᠪᠣᠯᠣᠨ᠎ᠠ᠂ ᠡᠩ ᠤᠨ ᠪᠠᠶᠢᠳᠠᠯ ᠳᠤ 3~5 ᠤᠳᠠᠭ᠎ᠠ ᠡᠪᠡᠰᠦ ᠠᠷᠢᠯᠭᠠᠵᠤ᠂ ᠪᠦᠷᠢᠮᠦᠰᠦᠨ ᠴᠡᠪᠡᠷᠯᠡᠬᠦ ᠶᠢ ᠪᠠᠲᠤᠯᠠᠵᠤ᠂ ᠪᠤᠵᠠᠷ ᠡᠪᠡᠰᠦ ᠨᠢ ᠨᠢᠯᠬ᠎ᠠ ᠴᠢᠬᠢ ᠶᠢᠨ ᠥᠰᠦᠯᠲᠡ ᠶᠢᠨ ᠪᠠᠶᠢᠳᠠᠯ ᠢ ᠨᠥᠯᠥᠭᠡᠯᠡᠬᠦ ᠠᠴᠠ ᠵᠠᠶᠢᠯᠠᠰᠬᠢᠨ᠎ᠡ᠃    ᠭᠤᠷᠪᠠ᠂ ᠪᠣᠷᠳᠣᠭᠤᠷ ᠤᠷᠤᠭᠤᠯᠬᠤ ᠬᠠᠮᠢᠶᠠᠷᠤᠯᠲᠠ    ᠪᠣᠷᠳᠣᠭᠤᠷ ᠢ ᠰᠣᠩᠭᠤᠬᠤ ᠲᠠᠯ᠎ᠠ ᠪᠠᠷ ᠬᠤᠶᠠᠷᠴᠢ ᠠᠮᠢᠨ ᠪᠤᠶᠤ ᠲᠠᠷᠢᠶᠠᠯᠠᠩ ᠤᠨ ᠪᠣᠷᠳᠣᠭᠤᠷ ᠢ ᠬᠡᠷᠡᠭᠯᠡᠵᠦ᠂ ᠬᠠᠪᠤᠷ ᠤᠨ ᠤᠯᠠᠷᠢᠯ ᠤᠨ ᠨᠣᠭᠤᠭᠠᠷᠠᠬᠤ ᠬᠤᠭᠤᠴᠠᠭᠠᠨ ᠳᠤ ᠠᠽᠣᠲ ᠹᠣᠰᠹᠣᠷ ᠺᠠᠯᠢ ᠶᠢᠨ ᠪᠣᠷᠳᠣᠭᠤᠷ ᠢ ᠨᠡᠮᠡᠵᠦ ᠣᠷᠣᠭᠤᠯᠵᠤ ᠪᠣᠯᠣᠨ᠎ᠠ᠃    ᠳᠥᠷᠪᠡ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠰᠡᠷᠭᠡᠶᠢᠯᠡᠨ ᠵᠠᠰᠠᠯᠲᠠ    ᠴᠠᠷᠭᠠᠰᠤ ᠶᠢᠨ ᠭᠤᠣᠯ ᠪᠣᠯᠬᠤ ᠡᠪᠡᠳᠴᠢᠨ ᠤ ᠬᠥᠨᠥᠭᠡᠯ ᠳᠤ ᠬᠦᠷᠡᠩ ᠲᠣᠯᠪᠣᠲᠤ ᠡᠪᠡᠳᠴᠢᠨ᠂ ᠬᠢᠷᠠᠭᠤ ᠬᠥᠭᠡᠴᠦ ᠶᠢᠨ ᠡᠪᠡᠳᠴᠢᠨ᠂ ᠴᠠᠭᠠᠨ ᠲᠣᠭᠤᠰᠣᠲᠤ ᠡᠪᠡᠳᠴᠢᠨ ᠵᠡᠷᠭᠡ ᠪᠠᠶᠢᠳᠠᠭ᠃ ᠡᠷᠬᠡᠪᠰᠢ ᠤᠷᠢᠳᠠᠪᠠᠷ ᠬᠠᠳᠤᠬᠤ ᠪᠤᠶᠤ ᠪᠡᠯᠴᠢᠭᠡᠷᠯᠡᠭᠦᠯᠦᠨ ᠮᠠᠯᠵᠢᠵᠤ᠂ ᠲᠠᠷᠢᠶᠠᠨ ᠭᠠᠵᠠᠷ ᠤᠨ ᠬᠠᠯᠳᠠᠪᠤᠷᠢᠯᠠᠯ ᠤᠨ ᠡᠬᠢ ᠰᠤᠷᠪᠤᠯᠵᠢ ᠬᠤᠷᠠᠮᠳᠤᠬᠤ ᠪᠠ ᠲᠡᠵᠢᠭᠡᠯ ᠡᠪᠡᠰᠦ ᠳᠠᠬᠢᠵᠤ ᠤᠷᠭᠤᠬᠤ ᠶᠢ ᠪᠠᠭᠠᠰᠬᠠᠬᠤ ᠬᠡᠷᠡᠭᠲᠡᠢ᠃ ᠺᠠᠯᠢ ᠪᠣᠷᠳᠣᠭᠤᠷ ᠣᠷᠣᠭᠤᠯᠵᠤ ᠴᠠᠷᠭᠠᠰᠤᠨ ᠤ ᠦᠨᠳᠦᠰᠦᠨ ᠤ ᠬᠡᠰᠡᠭ ᠤᠨ ᠡᠪᠡᠳᠴᠢᠨ ᠤ ᠬᠦᠨᠦᠭᠡᠯ ᠤᠨ ᠡᠪᠡᠳᠴᠢᠨ ᠡᠭᠦᠰᠬᠦ ᠨᠤᠷᠮ᠎ᠠ ᠪᠠ ᠬᠠᠳᠤᠭᠤᠷ ᠪᠠᠺᠲ᠋ᠧᠷᠢ ᠣᠷᠣᠬᠤ ᠨᠤᠷᠮ᠎ᠠ ᠶᠢ ᠪᠠᠭᠤᠷᠠᠭᠤᠯᠵᠤ ᠪᠤᠯᠤᠨ᠋᠎ᠠ᠃    ᠲᠠᠪᠤ᠂ ᠬᠠᠳᠤᠬᠤ ᠠᠵᠢᠯ    ᠲᠡᠵᠢᠭᠡᠯ ᠡᠪᠡᠰᠦᠨ ᠤ ᠴᠢᠨᠠᠷ ᠢ ᠪᠠᠲᠤᠯᠠᠬᠤ ᠶᠢᠨ ᠲᠤᠰᠠᠲᠠ᠂ ᠠᠩᠬᠠᠨ ᠤ ᠴᠡᠴᠡᠭᠯᠡᠬᠦ ᠬᠤᠭᠤᠴᠠᠭ᠎ᠠ ᠶᠢ ᠰᠤᠩᠭᠤᠨ ᠬᠠᠳᠤᠵᠤ ᠪᠣᠯᠤᠨ᠎ᠠ᠃ ᠶᠡᠷᠦ ᠶᠢᠨ ᠪᠠᠶᠢᠳᠠᠯ ᠳᠤ ᠭᠤᠤᠷᠰᠤ ᠦᠯᠡᠳᠡᠭᠡᠬᠦ ᠥᠨᠳᠥᠷ ᠨᠢ 5cm᠂ ᠨᠠᠮᠤᠷ ᠤᠨ ᠤᠯᠠᠷᠢᠯ ᠤᠨ ᠬᠠᠮᠤᠭ ᠰᠡᠭᠦᠯᠴᠢ ᠶᠢᠨ ᠨᠢᠭᠡ ᠤᠳᠠᠭ᠎ᠠ ᠳᠤ ᠬᠠᠳᠤᠵᠤ ᠰᠢᠢᠳᠪᠦᠷᠢᠯᠡᠬᠦ ᠦᠶᠡᠰ ᠭᠤᠤᠷᠰᠤ ᠶᠢ ᠨᠢ 6~8cm ᠦᠯᠡᠳᠡᠭᠡᠨ᠎ᠡ᠃    ᠵᠢᠷᠭᠤᠭ᠎ᠠ᠂ ᠡᠪᠦᠯ ᠤᠨ ᠤᠯᠠᠷᠢᠯ ᠤᠨ ᠬᠠᠮᠢᠶᠠᠷᠤᠯᠲᠠ    ᠡᠪᠦᠯᠵᠢᠬᠦ ᠬᠠᠮᠢᠶᠠᠷᠤᠯᠲᠠ ᠳᠤ ᠡᠩ ᠲᠡᠷᠢᠭᠦᠨ ᠳᠤ ᠬᠥᠯᠳᠡᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠡᠪᠦᠯ ᠣᠷᠣᠬᠤ ᠠᠴᠠ ᠡᠮᠦᠨ᠎ᠡ ᠪᠣᠷᠣ ᠴᠠᠷᠭᠠᠰᠤ ᠶᠢᠨ ᠦᠨᠳᠦᠰᠦ ᠶᠢᠨ ᠬᠡᠰᠡᠭ ᠲᠤ ᠬᠦᠷᠦᠰᠤ ᠪᠦᠷᠬᠦᠵᠦ ᠬᠠᠮᠠᠭᠠᠯᠠᠨ᠂ ᠬᠦᠷᠦᠰᠦ ᠪᠦᠷᠬᠦᠭᠦᠯᠬᠦ ᠵᠤᠵᠠᠭᠠᠨ ᠨᠢ 2 ~ 3cm ᠪᠠᠶᠢᠳᠠᠭ᠃ ᠡᠭᠦᠨ ᠤ ᠬᠠᠮᠲᠤ ᠲᠠᠷᠢᠶᠠᠨ ᠭᠠᠵᠠᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠠᠩᠬᠠᠷᠴᠤ᠂ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号