ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽7 · 9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/18
   7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ︽7 · 9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ᠃    ᠬᠤᠷᠠᠯ ᠳᠡᠭᠡᠷ᠎ᠡ 5 ᠵᠢᠯ ᠤᠨ ᠲᠤᠷᠰᠢᠬᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ︽7 · 9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠷᠭ᠎ᠠ ᠬᠢᠳᠡᠯ ᠦᠷ᠎ᠡ ᠪᠦᠲᠦᠮᠵᠢ ᠶᠢ ᠳ᠋ᠦᠩᠨᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ 6 ᠨᠢᠭᠡᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ︽7 · 9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠬᠢᠨ ᠰᠤᠷᠤᠯᠴᠠᠬᠤ᠂ ᠳᠠᠬᠢᠨ ᠪᠠᠷᠢᠮᠵᠢᠶᠠᠯᠠᠨ ᠬᠠᠷᠭᠤᠭᠤᠯᠬᠤ᠂ ᠳᠠᠬᠢᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢ ᠡᠷᠬᠢᠮᠯᠡᠬᠦ ᠶᠢ ᠨᠢᠭᠡᠳᠦᠭᠡᠷ ᠱᠠᠭᠠᠷᠳᠠᠯᠭ᠎ᠠ ᠪᠣᠯᠭᠠᠵᠤ᠂ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ︔ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠪᠦᠬᠦ ᠲᠠᠯ᠎ᠠ ᠪᠠᠷ ᠳᠡᠭᠡᠭᠰᠢᠯᠡᠭᠦᠯᠬᠦ ︾ ᠠᠵᠢᠯ ᠢ ᠰᠠᠶᠢᠲᠤᠷ ᠬᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠦᠴᠦᠨ ᠢ ᠨᠡᠩ ᠣᠯᠠᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号