ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠶᠦ᠋ᠩ ᠱᠤᠤ ᠢ ᠨᠡᠷ ᠮᠠᠨ ᠤ ᠰᠢᠶᠠᠨ ᠳᠤ ᠬᠦᠷᠴᠦ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/19
  7 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠶᠦ᠋ᠩ ᠱᠤᠤ ᠢ ᠨᠡᠷ ᠮᠠᠨ ᠤ ᠰᠢᠶᠠᠨ ᠳᠤ ᠬᠦᠷᠴᠦ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠨᠢᠭᠡᠳᠦᠭᠡᠷ ᠹᠷᠣᠨᠲ ᠤᠨ ᠴᠠᠭ ᠠᠭᠤᠷ ᠤᠨ ᠺᠠᠳ᠋ᠷ ᠠᠵᠢᠯᠳᠠᠨ ᠠᠵᠢᠯᠴᠢᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠲᠤᠰᠢᠶᠠᠯ ᠡᠭᠦᠷᠭᠡᠯᠡᠭᠰᠡᠨ ᠺᠠᠳ᠋ᠷ ᠢ ᠡᠷᠬᠢᠨ ᠦᠵᠡᠵᠦ ᠲᠣᠬᠤᠨᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠯᠢ ᠮᠢᠩ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠬᠤᠸᠠᠢ ᠶᠠᠩ᠂ ᠸᠠᠩ ᠶᠢᠩ ᠴᠢᠶᠦ᠋ᠨ ᠵᠢᠴᠢ ᠲᠣᠭᠤᠷᠢᠭ ᠠᠶᠢᠮᠠᠭ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠶᠦᠩ ᠠᠨ ᠪᠠᠯᠭᠠᠰᠤᠨ ᠤ ᠣᠶᠤᠨᠴᠢ ᠴᠠᠭ ᠠᠭᠤᠷ ᠤᠨ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠠᠷᠠᠳ ᠤᠨ ᠵᠠᠩ ᠦᠶᠯᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠳᠣᠨ᠂ ᠰᠠᠶ ᠶᠢᠨ ᠡᠭᠡᠳᠡᠩ ᠵᠢᠮᠢᠰ ᠤᠨ ᠣᠶᠤᠨᠴᠢ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ᠂ ᠲᠠᠢ ᠫᠢᠩ ᠰᠢᠶᠠᠩ ᠤᠨ ᠦ᠋ ᠰᠠᠨ ᠲᠣᠰᠬᠤᠨ᠂ ᠪᠣᠷᠣ ᠰᠠᠷᠢᠮᠰᠠᠭ ᠡᠳ᠋ᠰᠢᠭᠦᠯᠦᠨ ᠦᠶᠯᠡᠰ ᠴᠣᠭᠴᠠᠯᠠᠬᠤ ᠠᠵᠤ ᠦᠶᠯᠡᠰ ᠤᠨ ᠬᠦᠷᠢᠶᠡᠯᠡᠩ᠂ ᠰᠢᠶᠠᠨ ᠤ ᠴᠠᠭ ᠠᠭᠤᠷ ᠤᠨ ᠲᠣᠪᠴᠢᠶ᠎ᠠ ᠵᠡᠷᠭᠡ ᠭᠠᠵᠠᠷ ᠲᠤ ᠬᠦᠷᠴᠦ᠂ ᠵᠢᠱᠢᠶ᠎ᠡ ᠦᠵᠡᠭᠦᠯᠬᠦ ᠣᠷᠣᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠲᠥᠷᠥᠯ ᠵᠦᠶᠯ ᠤᠨ ᠠᠵᠢᠯᠯᠠᠭᠠᠨ᠂ ᠲᠦᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠦᠶᠯᠡᠴᠢᠯᠡᠭᠡ ᠥᠷᠨᠢᠭᠦᠯᠬᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ᠂ ᠬᠠᠪᠰᠤᠷᠤᠨ ᠲᠡᠳᠬᠦᠬᠦ ᠠᠵᠤ ᠦᠶᠯᠡᠰ ᠤᠨ ᠲᠥᠷᠥᠯ ᠵᠦᠶᠯ ᠤᠨ ᠬᠥᠭᠵᠢᠯᠲᠡ᠂ ᠦᠨᠳᠦᠰᠦᠨ ᠱᠠᠲᠤᠨ ᠤ ᠴᠠᠭ ᠠᠭᠤᠷ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠡᠭ ᠲᠣᠭᠲᠠᠭᠠᠨ ᠲᠦᠴᠢᠦᠸᠠᠨ ᠰᠢᠶᠠᠨ ᠢ ᠬᠠᠪᠰᠤᠷᠤᠨ ᠲᠡᠳᠬᠦᠬᠦ᠃     ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠰᠢᠶᠠᠨ ᠤ ᠳᠠᠷᠤᠭ᠎ᠠ ᠬᠤᠸᠠᠢ ᠶᠠᠩ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠬᠠᠪᠰᠤᠷᠤᠨ ᠲᠡᠳᠬᠦᠬᠦ ᠠᠵᠢᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠠᠨᠠᠯ ᠢᠶᠠᠨ ᠰᠣᠯᠢᠯᠴᠠᠪᠠ᠃    ᠰᠢᠶᠦ᠋ᠩ ᠱᠤᠤ ᠭᠡᠰᠢᠭᠦᠨ ᠶᠠᠷᠢᠶᠠᠨ ᠳᠠᠭᠠᠨ ᠲᠦᠴᠢᠦᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤᠮᠳᠠ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠨᠤᠲᠠᠯᠠᠭᠰᠠᠨ ᠪᠥᠭᠡᠳ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠦᠷᠭᠦᠯᠵᠢᠯᠡᠨ ᠲᠡᠮᠡᠴᠡᠵᠦ᠂ ᠲᠤᠰᠢᠶᠠᠯ ᠡᠭᠦᠷᠭᠡᠯᠡᠭᠰᠡᠨ ᠺᠠᠳ᠋ᠷ ᠢᠶᠠᠷ ᠬᠤᠯᠪᠣᠭᠠᠰᠤ ᠪᠣᠯᠭᠠᠵᠤ᠂ ᠴᠠᠭ ᠠᠭᠤᠷ ᠤᠨ ᠬᠠᠪᠰᠤᠷᠤᠨ ᠲᠡᠳᠬᠦᠬᠦ ︽ᠲᠦᠷᠪᠡᠨ ᠶᠡᠭᠡ ᠠᠵᠢᠯᠯᠠᠭ᠎ᠠ︾ ᠶᠢ ᠰᠠᠶᠢᠲᠤᠷ ᠬᠡᠷᠡᠭᠵᠢᠭᠦᠯᠦᠨ᠎ᠡ ᠭᠡᠵᠦ ᠢᠯᠡᠳᠬᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠦᠵᠦ ᠲᠥᠯᠥᠪᠯᠡᠭᠡ ᠪᠣᠯᠤᠨ ᠦᠨᠳᠦᠰᠦᠨ ᠱᠠᠲᠤᠨ ᠤ ᠰᠦᠪᠡᠭᠴᠢᠯᠡᠯᠳᠡ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠳᠠᠪᠠᠭᠤᠯᠢᠭ ᠢᠶᠠᠨ ᠪᠠᠳᠠᠷᠠᠭᠤᠯᠬᠤ ᠶᠢ ᠪᠠᠷᠢᠮᠲᠠᠯᠠᠵᠤ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ᠃ ᠴᠢᠳᠠᠪᠤᠷᠢᠲᠠᠨ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠲᠠᠪᠤᠨ ᠶᠡᠭᠡ ᠰᠡᠷᠭᠦᠨ ᠮᠠᠨᠳᠤᠯᠲᠠ︾ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠴᠢᠩᠭ᠎ᠠ ᠪᠥᠭᠡᠳ ᠪᠣᠳᠠᠲᠠᠢ ᠪᠠᠶᠢᠬᠤ ᠶᠢ ᠪᠠᠷᠢᠮᠲᠠᠯᠠᠵᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠢᠮᠠᠭᠲᠠ ᠰᠠᠶᠢᠲᠤᠷ ᠠᠳᠬᠤᠬᠤ ᠬᠡᠷᠡᠭᠲᠡᠢ᠃    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠵᠢᠴᠢ ᠪᠥᠬᠦ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠥᠯᠥᠭᠡᠯᠡᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠣᠯᠠᠨ ᠵᠢᠯ ᠤᠨ ᠲᠤᠷᠰᠢ ᠢᠮᠠᠭᠲᠠ ᠬᠤᠪᠢᠷᠠᠰᠢ ᠥᠬᠡᠶ ᠬᠠᠪᠰᠤᠷᠤᠨ ᠲᠡᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ ᠂ ᠪᠥᠬᠦ ᠰᠢᠶᠠᠨ ᠤ ᠳᠡᠭᠡᠳᠦ ᠳᠤᠤᠷᠠᠳᠤ ᠱᠠᠲᠤ ᠪᠠᠷ ᠢᠶᠠᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ ᠵᠦᠶᠯ ᠤᠨ ᠬᠡᠷᠡᠭᠵᠢᠭᠦᠯᠦᠯᠲᠡ᠂ ᠠᠵᠤ ᠦᠶᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ ᠵᠡᠷᠭᠡ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠨᠠᠩ ᠣᠯᠠᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠲᠦᠴᠢᠦᠸᠠᠨ ᠰᠢᠶᠠᠨ ᠳᠤ ᠨᠤᠲᠤᠭᠰᠢᠭᠤᠯᠬᠤ ᠪᠠᠷ ᠴᠢᠷᠮᠠᠶᠢᠨ᠎ᠠ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号