ᠯᠢᠦ ᠬᠣ᠋ ᠪᠠᠯᠭᠠᠰᠤ᠄ ᠡᠮᠡᠭᠲᠡᠶᠢᠴᠦᠳ ᠤᠨ ᠤᠬᠠᠭᠤᠯᠤᠨ ᠲᠠᠶᠢᠯᠪᠦᠷᠢᠯᠠᠯ ᠠᠷᠠᠳ ᠤᠨ ᠰᠡᠳᠬᠢᠯ ᠢ ᠤᠮᠳᠠᠯᠠᠵᠦ ᠪᠣᠯᠪᠠᠰᠤᠨ ᠰᠢᠨ᠎ᠡ ᠬᠡᠪ ᠰᠤᠷᠲᠠᠯ ᠬᠦᠳᠡᠭᠡ ᠲᠤᠰᠬᠤᠨ ᠢ ᠤᠮᠳᠠᠯᠠᠨ᠎ᠠ
ᠨᠡᠶᠢᠲᠡᠯᠡᠭᠰᠡᠨ ᠴᠠᠭ᠄
2024/7/19
   ᠤᠢᠢᠷ᠎ᠠ ᠳᠤ᠂ ᠲᠦᠴᠢᠦᠸᠠᠨ ᠰᠢᠶᠠᠨ ᠤ ᠯᠢᠦ ᠬᠣ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠠᠷᠪᠠ ᠵᠠᠭᠤ ᠮᠢᠩᠭ᠎ᠠ ᠲᠦᠮᠡ︾ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ  ᠢᠶᠠᠷ ᠭᠠᠷᠳᠠᠴᠠ ᠪᠣᠯᠭᠠᠵᠤ᠂ ︽ᠠᠨᠠᠷ ᠤᠨ ᠴᠡᠴᠡᠭ ᠳᠡᠯᠭᠡᠷᠡᠵᠦ ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ︾ ᠤᠨ ᠲᠦᠷᠦᠯ ᠲᠡᠮᠳᠡᠭ ᠢ ᠡᠭᠦᠳᠴᠦ᠂ ᠵᠢᠤᠢ ᠾᠧ ᠲᠣᠰᠬᠤᠨ᠂ ᠵᠢᠤᠢ ᠴᠠᠩ ᠲᠣᠰᠬᠤᠨ ᠢ ᠵᠣᠬᠢᠶᠠᠨ ᠪᠠᠶᠢᠭᠤᠯᠵᠤ ︽ᠠᠨᠠᠷ ᠤᠨ ᠴᠡᠴᠡᠭ ᠪᠠᠳᠠᠷᠠᠨ ᠳᠡᠯᠭᠡᠷᠡᠵᠦ ᠬᠢᠩᠭᠠᠨ ᠣᠷᠣᠨ ᠢ ᠬᠥᠭᠵᠢᠭᠦᠯᠦᠨ ᠮᠠᠨᠳᠤᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃
   ᠠᠵᠢᠯᠯᠠᠭ᠎ᠠ ᠡᠬᠢᠯᠡᠵᠦ᠂ ᠡᠮᠡᠭᠲᠡᠢ ᠤᠬᠠᠭᠤᠯᠤᠨ ᠲᠠᠶᠢᠯᠪᠤᠷᠢᠯᠠᠭᠴᠢ ᠵᠢᠤᠢ ᠴᠠᠩ ᠲᠣᠰᠬᠤᠨ ᠤ ᠮᠸᠦ ᠯᠢᠨ ᠶᠠᠨ ᠤᠯᠠᠨ ᠳᠤ ᠲᠠᠯ᠎ᠠ ᠨᠤᠲᠤᠭ ᠢ ᠳᠣᠭᠳᠣᠯᠤᠭᠤᠯᠤᠭᠰᠠᠨ ᠪᠠᠭᠠᠲᠤᠷ ᠡᠵᠢ ᠰᠤᠷᠤᠨ᠎ᠠ ᠶᠢᠨ ᠰᠡᠳᠬᠢᠯ ᠬᠥᠳᠡᠯᠭᠡᠮ᠎ᠡ ᠦᠯᠢᠭᠡᠷ ᠢ ᠤᠬᠠᠭᠤᠯᠤᠨ ᠲᠠᠶᠢᠯᠪᠤᠷᠢᠯᠠᠵᠤ᠂ ᠠᠮᠢᠳᠤ ᠪᠣᠳᠠᠲᠠᠢ ᠵᠢᠱᠢᠶ᠎ᠡ ᠪᠠᠷ ᠤᠯᠠᠨ ᠳᠤ ᠣᠶᠢᠯᠠᠭᠠᠭᠤᠯᠵᠤ᠂ ᠤᠯᠠᠨ ᠲᠦᠮᠡᠨ ᠤ ᠬᠠᠷᠠᠮ ᠦᠭᠡᠢ ᠬᠠᠶᠢᠷ᠎ᠠ ᠬᠠᠯᠠᠮᠵᠢ ᠶᠢ ᠬᠦᠳᠦᠯᠦᠨ ᠳᠠᠭᠠᠭᠤᠯᠪᠠ᠃
   ᠠᠵᠢᠯᠯᠠᠭ᠎ᠠ ᠶᠢᠨ ᠳᠤᠮᠳᠠ᠂ ᠵᠢᠤᠢ ᠾᠧ ᠲᠣᠰᠬᠤᠨ ᠤ ᠱᠦᠵᠢ ᠣᠯᠠᠨ ᠢ ᠳᠠᠭᠠᠭᠤᠯᠤᠨ ︽ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠠᠮᠠᠯᠠᠯᠲᠠ ᠶᠢᠨ ᠪᠢᠴᠢᠭ︾ ᠢ ᠤᠩᠰᠢᠨ ᠨᠡᠶᠢᠲᠡᠯᠡᠪᠡ᠄ ᠡᠮᠡᠭᠲᠡᠶ ᠤᠬᠠᠭᠤᠯᠤᠨ ᠲᠠᠶᠢᠯᠪᠤᠷᠢᠯᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠪᠠᠷ ᠭᠤᠤᠯ ᠰᠢᠵᠢᠮ ᠪᠣᠯᠭᠠᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠠᠶᠢᠲᠤᠷ ᠶᠠᠷᠢᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠲᠦᠭ ᠲᠦᠮᠡᠨ ᠠᠶᠢᠯ ᠡᠷᠦᠬᠡ ᠳᠤ ᠭᠦᠨᠵᠡᠭᠡᠶᠢᠷᠡᠭᠦᠯᠬᠦ ᠂ ᠡᠷᠬᠡ ᠪᠠᠨ ᠬᠠᠮᠠᠭᠠᠯᠠᠬᠤ ᠬᠠᠤᠯᠢ ᠴᠠᠭᠠᠵᠠ ᠶᠢᠨ ᠮᠡᠳᠡᠯᠭᠡ ᠶᠢ ᠳᠠᠶᠠᠭᠠᠷ ᠢᠶᠠᠨ ᠮᠡᠳᠡᠬᠦ᠂ ᠦᠨᠳᠦᠰᠦᠲᠡᠨ ᠤ ᠪᠦᠯᠬᠦᠮᠳᠡᠯ ᠤᠨ ᠨᠡᠶᠢᠲᠡᠯᠢᠭ ᠦᠶᠯᠡ ᠠᠵᠢᠯᠯᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ ᠭᠡᠵᠦ ᠠᠮᠠᠯᠳᠠᠪᠠ᠃ ᠠᠮᠠᠯᠠᠯᠲᠠ ᠪᠠᠨ ᠨᠡᠶᠢᠲᠡᠯᠡᠭᠰᠡᠨ ᠤ ᠳᠠᠷᠠᠭ᠎ᠠ᠂ ᠲᠣᠰᠬᠤᠨ ᠤ ᠠᠷᠠᠳ ᠰᠠᠶᠢᠨ ᠲᠤᠷ᠎ᠠ ᠠᠴᠠ ᠪᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠥᠷ ᠬᠥᠭᠵᠢᠶᠡᠨ ᠲᠠᠢ ᠶᠠᠩᠭᠠᠷ ᠨᠢ ᠠᠵᠢᠯᠯᠠᠭ᠎ᠠ  ᠳᠤ ᠠᠮᠢᠵᠢᠷᠠᠯ ᠤᠨ ᠬᠦᠴᠦᠨ ᠨᠡᠮᠡᠷᠢᠯᠡᠪᠡ᠃
   ᠡᠴᠦᠰ ᠲᠤ᠂ ᠯᠢᠦ ᠬᠣ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠲᠣᠰᠬᠤᠨ ᠤ ᠠᠷᠠᠳ ᠲᠠᠢ ᠬᠡᠷ ᠤᠨ ᠰᠤᠷᠲᠠᠯ ᠬᠡᠷ ᠤᠨ ᠰᠤᠷᠭᠠᠯ ᠤᠨ ᠤᠯᠠᠮᠵᠢᠯᠠᠯ ᠤᠨ ᠲᠤᠷᠰᠢᠯᠭ᠎ᠠ ᠪᠠᠨ ᠰᠣᠯᠢᠯᠴᠠᠬᠤ ᠶᠢᠨ ᠬᠠᠮᠲᠤ ᠰᠠᠨᠠᠭᠠᠴᠢᠯᠠᠭ᠎ᠠ ᠭᠠᠷᠭᠠᠵᠤ᠂ ᠲᠣᠰᠬᠤᠨ ᠤ ᠠᠷᠠᠳ ᠢ ᠰᠠᠶᠢᠨ ᠰᠠᠶᠢᠬᠠᠨ ᠬᠡᠷ ᠤᠨ ᠰᠤᠷᠲᠠᠯ ᠤᠨ ᠰᠠᠨᠠᠭᠠᠴᠢᠯᠠᠭᠴᠢ ᠪᠠ ᠦᠶᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠬᠡᠷ ᠪᠦᠯᠢ ᠶᠢᠨ ᠪᠠᠶᠢᠭᠤᠯᠤᠯᠲᠠ ᠶᠢ ᠠᠬᠢᠭᠤᠯᠵᠤ᠂ ᠬᠠᠮᠲᠤ ᠪᠠᠷ ᠬᠡᠦᠬᠡᠳ ᠤᠨ ᠡᠷᠡᠭᠦᠯ ᠴᠢᠭᠢᠷᠠᠭ᠂ ᠪᠠᠶᠠᠷ ᠬᠥᠷ ᠲᠠᠢ ᠦᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠡᠦᠬᠡᠳ  ᠤᠳ ᠲᠤ ᠡᠷᠡᠭᠦᠯ ᠰᠠᠷᠠᠭᠤᠯ ᠵᠠᠮ ᠳᠡᠪᠢᠰᠴᠦ ᠥᠭᠬᠦ ᠶᠢ ᠤᠷᠢᠶᠠᠯᠠᠪᠠ᠃    ᠲᠠᠷᠠᠭᠠᠴᠢ ᠶᠢᠨ ᠠᠯᠬᠤᠮ ᠳᠤ᠂ ᠯᠢᠦ ᠬᠣ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠣᠯᠠᠨ ᠲᠦᠮᠡᠨ ᠲᠠᠢ ᠣᠶᠢᠷᠠᠳᠬᠤ ᠠᠷᠭ᠎ᠠ ᠬᠡᠯᠪᠡᠷᠢ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠤᠯᠠᠮᠵᠢᠯᠠᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠲᠠᠰᠤᠷᠠᠯᠲᠠ ᠥᠬᠡᠶ ᠠᠬᠢᠭᠤᠯᠤᠨ᠎ᠠ᠃ ᠪᠣᠯᠪᠠᠰᠤᠨ ᠬᠥᠳᠡᠭᠡ ᠶᠢᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠤᠯᠠᠮ ᠨᠢᠭᠡ ᠠᠯᠬᠤᠮ ᠪᠣᠶᠢᠵᠢᠭᠤᠯᠵᠤ᠂ ᠨᠡᠶᠢᠭᠡᠮ ᠤᠨ ᠰᠢᠨ᠎ᠡ ᠬᠡᠪ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号