ᠣᠶᠢᠷ᠎ᠠ ᠳᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ 2024 ᠣᠨ ᠤ | ᠲᠥᠪ ᠤᠨ ᠡᠳ᠋ ᠤᠨ ᠵᠠᠰᠠᠭ ᠠᠴᠠ ᠠᠵᠢᠯ ᠣᠯᠭᠤᠬᠤ ᠪᠠᠷ ᠳᠡᠮᠵᠢᠨ ᠲᠡᠳᠭᠦᠨ ᠲᠡᠮᠵᠢᠭᠰᠡᠨ ᠳ᠋ᠦᠩ ᠯᠦ ᠲᠣᠰᠬᠤᠨ | ᠤ ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠶᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ᠂ ᠬᠥᠮᠦᠨ | ᠮᠠᠰᠢᠨ ᠵᠡᠷᠭᠡ ᠪᠠᠷ ᠬᠥᠳᠡᠯᠦᠯᠴᠡᠵᠦ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠨᠠᠭᠠᠰᠢ ᠴᠠᠭᠠᠰᠢ ᠰᠦᠯᠵᠢᠯᠳᠦᠨ | ᠠᠵᠢᠯᠯᠠᠵᠤ᠂ ᠠᠵᠢᠯᠴᠢᠳ ᠶᠠᠭ ᠡᠮᠬᠢ ᠵᠢᠷᠤᠮ ᠲᠠᠢ ᠪᠠᠷ ᠬᠡᠮᠬᠡᠳᠡᠭ ᠴᠢᠯᠠᠭᠤ ᠲᠡᠭᠡᠭᠡᠪᠦᠷᠢᠯᠡᠨ ᠪᠠᠷᠢᠵᠤ ᠪᠣᠶ᠃ ︽ᠮᠠᠨ | ᠤ ᠡᠨᠡ ᠬᠦ ᠲᠥᠷᠥᠯ ᠵᠦᠶᠯ ᠢ ᠴᠥᠮ ᠲᠤᠬᠠᠶ ᠶᠢᠨ ᠭᠠᠵᠠᠷ ᠤᠨ ᠣᠯᠠᠨ ᠲᠦᠮᠡᠨ ᠪᠠᠶᠢᠭᠤᠯᠵᠤ᠂ 6 ᠰᠠᠷ᠎ᠠ ᠶᠢᠨ 20 | ᠤ ᠡᠳᠦᠷ ᠠᠵᠢᠯ ᠡᠬᠢᠯᠡᠭᠦᠯᠵᠦ᠂ ᠡᠳᠦᠷ ᠪᠦᠷᠢ 100 ᠮᠧᠲᠷ ᠣᠷᠴᠢᠮ ᠤᠨ ᠠᠬᠢᠴᠠ ᠪᠠᠷ ᠠᠬᠢᠭᠤᠯᠵᠤ᠂ ᠵᠢᠱᠢᠯᠲᠡ | ᠪᠠᠷ 9 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ ᠲᠦᠷᠦᠯ ᠵᠦᠢᠯ ᠨᠢ ᠡᠷᠬᠢᠨ ᠲᠣᠭᠤᠷᠢᠨ ᠤ ᠤᠯᠠᠨ ᠲᠦᠮᠡᠨ ᠤ | ᠶᠠᠪᠤᠵᠤ ᠰᠠᠭᠤᠬᠤ ᠠᠰᠠᠭᠤᠳᠠᠯ ᠢ ᠰᠢᠢᠳᠪᠦᠷᠢᠯᠡᠵᠦ ᠴᠢᠳᠠᠬᠤ ᠪᠠᠷ ᠪᠠᠷᠠᠬᠤ ᠦᠭᠡᠢ ᠪᠠᠰᠠ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠃︾ ᠲᠦᠴᠢᠦᠸᠠᠨ | ᠰᠢᠶᠠᠨ ᠤ ᠢ ᠲᠤᠤ ᠪᠠᠷᠢᠯᠭ᠎ᠠ ᠶᠢᠨ ᠲᠥᠪ ᠤᠨ ᠲᠥᠷᠥᠯ ᠵᠦᠶᠯ ᠤᠨ ᠳᠠᠭᠠᠭᠠᠮᠠᠯ ᠵᠣᠣ ᠲᠤᠤ ᠬᠡᠯᠡᠬᠦ ᠳᠡᠭᠡᠨ᠂ ᠲᠣᠰ | ᠲᠥᠷᠥᠯ ᠵᠦᠶᠯ ᠳᠤ ᠠᠭᠤᠯᠠᠨ ᠦᠶᠡᠷ ᠤᠨ ᠭᠤᠤ ᠶᠢ ᠵᠠᠰᠠᠬᠤ᠂ ᠬᠤᠶᠠᠷ ᠲᠠᠯ᠎ᠠ ᠪᠠᠷ ᠢᠶᠠᠨ ᠬᠥᠲᠥᠯ ᠢ ᠬᠠᠮᠠᠭᠠᠯᠠᠬᠤ᠂ | ᠤᠰᠤ ᠥᠩᠭᠡᠷᠡᠬᠦ ᠵᠠᠮ᠂ ᠭᠤᠤᠯ ᠤᠨ ᠵᠠᠮ ᠢ ᠴᠡᠪᠡᠷᠯᠡᠨ ᠨᠡᠪᠲᠡᠷᠡᠭᠦᠯᠬᠦ ᠵᠢᠴᠢ ᠲᠣᠰᠬᠤᠨ ᠤ ᠳᠣᠲᠣᠷᠠᠬᠢ ᠵᠠᠮ ᠢ | ᠬᠠᠲᠠᠭᠤᠷᠠᠭᠤᠯᠬᠤ ᠪᠠᠭᠲᠠᠨ᠎ᠠ᠃ ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ᠂ ᠳ᠋ᠦᠩ ᠯᠦ ᠲᠣᠰᠬᠤᠨ ᠤ 20 | ᠭᠠᠷᠤᠶ ᠣᠯᠠᠨ ᠲᠦᠮᠡᠨ ᠢ ᠳᠠᠶᠢᠴᠢᠯᠠᠨ ᠠᠵᠢᠯ ᠣᠯᠭᠤᠵᠤ᠂ ᠪᠠᠷᠢᠯᠭ᠎ᠠ ᠶᠢᠨ ᠠᠵᠢᠯᠴᠢᠨ ᠵᠠᠩ ᠰᠢᠶᠠᠩ ᠵᠢᠦ ᠪᠣᠯ | ᠠᠵᠢᠯ ᠣᠯᠭᠤᠬᠤ ᠪᠠᠷ ᠳᠡᠮᠵᠢᠨ ᠲᠡᠳᠬᠦᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠠᠬᠢ ᠨᠢᠭᠡ ᠭᠡᠰᠢᠭᠦᠨ | ᠪᠣᠯᠤᠨ᠎ᠠ᠃ ︽ᠨᠢᠭᠡ ᠡᠳᠦᠷ 300 ᠲᠥᠭᠦᠷᠢᠭ᠂ ᠤᠳᠤ ᠪᠢ ᠨᠢᠭᠡᠨᠲᠡ 5000 ᠭᠠᠷᠤᠢ ᠲᠥᠭᠦᠷᠢᠭ ᠣᠯᠵᠠᠢ︾ | ᠭᠡᠵᠦ ᠵᠠᠩ ᠰᠢᠶᠠᠩ ᠵᠢᠦ ᠠᠮᠠ ᠬᠠᠮᠬᠢᠯ ᠦᠭᠡᠢ ᠢᠨᠢᠶᠡᠨ ᠶᠠᠷᠢᠨ᠎ᠠ᠃ | ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠬᠢᠨ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠲᠦᠷᠦᠯ ᠵᠦᠢᠯ ᠢ ᠤᠯᠬᠤ ᠪᠠᠷ ᠢᠳᠡᠪᠬᠢᠲᠡᠢ ᠴᠢᠷᠮᠠᠶᠢᠵᠤ᠂ ︽ᠠᠵᠢᠯ ᠣᠯᠭᠤᠬᠤ ᠪᠠᠷ ᠠᠵᠢᠯ | ᠣᠯᠭᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠢ ᠲᠡᠳᠬᠦᠬᠦ︾ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠵᠦ᠂ ᠲᠡᠳᠬᠦᠬᠦ ᠪᠠ ᠬᠥᠭᠵᠢᠭᠦᠯᠦᠨ ᠮᠠᠨᠳᠤᠭᠤᠯᠬᠤ ᠶᠢ ᠵᠡᠷᠭᠡ ᠪᠠᠷ | ᠶᠠᠪᠤᠭᠳᠠᠭᠤᠯᠬᠤ ᠶᠢ ᠪᠦᠲᠦᠮᠵᠢᠲᠡᠢ ᠪᠡᠶᠡᠯᠡᠭᠦᠯᠪᠡ᠃ ᠡᠨᠡ ᠵᠢᠯ᠂ ᠲᠥᠪ ᠤᠨ ᠡᠳ᠋ ᠤᠨ ᠵᠠᠰᠠᠭ ᠠᠴᠠ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠶᠯ ᠤᠨ ᠪᠠᠯᠠ ᠮᠥᠩᠭᠦ ᠪᠣᠯᠬᠤ ᠲᠦᠴᠢᠦᠸᠠᠨ ᠰᠢᠶᠠᠨ ᠤ | ᠵᠢᠵᠢᠭ ᠰᠠᠪᠠ ᠭᠠᠵᠠᠷ ᠢ ᠵᠠᠰᠠᠬᠤ ᠲᠠᠯ᠎ᠠ ᠪᠠᠷ᠂ 1433 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ | ᠲᠥᠯᠥᠪᠯᠡᠵᠦ ᠪᠠᠶᠢᠨ᠎ᠠ᠂ ᠡᠭᠦᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ 1395 | ᠲᠦᠮᠡᠨ ᠲᠥᠭᠦᠷᠢᠭ ᠪᠣᠶ᠂ ᠡᠭᠦᠨ ᠳᠤ 5 ᠲᠥᠷᠥᠯ ᠵᠦᠶᠯ ᠪᠠᠭᠲᠠᠨ᠎ᠠ᠂ ᠪᠥᠲᠥᠭᠡᠨ ᠪᠠᠶᠢᠭᠤᠯᠤᠯᠲᠠ ᠶᠢᠨ ᠭᠠᠵᠠᠷ ᠨᠢ | ᠲᠣᠰ ᠲᠣᠰ ᠲᠦᠴᠢᠦᠸᠠᠨ ᠪᠠᠯᠭᠠᠰᠤ᠂ ᠯᠢᠦ ᠬᠣ᠋ ᠪᠠᠯᠭᠠᠰᠤ᠂ ᠪᠤᠤ ᠱᠢ ᠪᠠᠯᠭᠠᠰᠤ᠂ ᠰᠢᠤᠸᠠᠢ ᠲᠢᠶᠠᠨ ᠰᠢᠶᠠᠩ᠂ ᠲᠠᠢ | ᠫᠢᠩ ᠰᠢᠶᠠᠩ ᠳᠤ ᠪᠣᠶ᠂ ᠲᠥᠷᠥᠯ ᠵᠦᠶᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠬᠥᠷᠥᠰᠥ ᠰᠢᠷᠣᠶ ᠶᠢᠨ | ᠢᠳᠡᠭᠳᠡᠯ ᠢ ᠪᠦᠲᠦᠮᠵᠢᠲᠡᠶ ᠬᠢᠵᠠᠭᠠᠷᠯᠠᠵᠤ᠂ ᠲᠥᠷᠥᠯ ᠵᠦᠶᠯ ᠤᠨ ᠣᠷᠣᠨ ᠤ ᠦᠶᠡᠷ ᠤᠰᠤᠲᠤᠯ ᠤᠨ ᠭᠠᠮᠰᠢᠭ ᠢ | ᠪᠦᠲᠦᠮᠵᠢᠲᠡᠶ ᠬᠥᠩᠭᠡᠷᠡᠭᠦᠯᠵᠦ᠂ ᠨᠡᠶᠢᠭᠡᠮ ᠤᠨ ᠦᠷ᠎ᠡ ᠠᠰᠢᠭ ᠢᠯᠡᠳᠲᠡ ᠪᠣᠯᠤᠨ᠎ᠠ᠃ | ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠦᠴᠢᠦᠸᠠᠨ ᠰᠢᠶᠠᠨ ᠳᠤ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ ᠶᠢ ᠨᠡᠶᠢᠲᠡ 2045 ᠲᠦᠮᠡᠨ ᠲᠥᠭᠦᠷᠢᠭ | ᠪᠠᠭᠤᠯᠭᠠᠵᠤ᠂ ᠪᠠᠯᠠ ᠮᠥᠩᠭᠦ ᠲᠡᠮᠡᠴᠡᠨ ᠣᠯᠤᠭᠰᠠᠨ ᠲᠤᠭ᠎ᠠ ᠨᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ | ᠬᠤᠲᠠ ᠶᠢᠨ ᠨᠢᠭᠡᠳᠦᠭᠡᠷ ᠲᠤ ᠣᠷᠣᠪᠠ᠃ ︽2024 ᠣᠨ ᠳᠤ ᠠᠵᠢᠯ ᠢᠶᠠᠷ ᠲᠡᠳᠬᠦᠮᠵᠢ ᠶᠢ ᠣᠷᠣᠯᠠᠭᠤᠯᠬᠤ | ᠲᠥᠷᠥᠯ ᠵᠦᠶᠯ ᠳᠤ ᠵᠢᠵᠢᠭ ᠰᠠᠪᠠ ᠭᠠᠵᠠᠷ ᠢ ᠵᠠᠰᠠᠬᠤ ᠲᠥᠷᠥᠯ ᠵᠦᠶᠯ ᠪᠠᠶᠢᠬᠤ ᠠᠴᠠ ᠭᠠᠳᠠᠨ᠎ᠠ᠂ ᠪᠠᠰᠠ ᠵᠠᠮ ᠢ | ᠬᠠᠲᠠᠭᠤᠷᠠᠭᠤᠯᠬᠤ ᠪᠠ ᠢᠳᠡᠭᠡᠨ ᠤ ᠮᠥᠭᠦ ᠶᠢᠨ ᠠᠵᠤ ᠦᠶᠯᠡᠰ ᠢ ᠬᠥᠭᠵᠢᠭᠦᠯᠬᠦ ᠲᠥᠷᠥᠯ ᠵᠦᠶᠯ ᠢ ᠪᠠᠭᠲᠠᠭᠠᠵᠤ᠂ | ᠬᠤᠶᠠᠷ ᠲᠥᠷᠥᠯ ᠵᠦᠶᠯ ᠳᠤ ᠨᠡᠶᠢᠲᠡ 750 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠢᠱᠢᠯᠲᠡ ᠪᠠᠷ | ᠬᠥᠯᠥᠰᠥᠨ ᠠᠵᠢᠯ ᠬᠢᠵᠦ ᠪᠠᠶᠢᠭ᠎ᠠ ᠣᠯᠠᠨ ᠲᠦᠮᠡᠨ ᠢ 120 ᠭᠠᠷᠤᠶ ᠬᠥᠮᠦᠨ ᠳᠠᠶᠢᠴᠢᠯᠠᠵᠤ᠂ ᠵᠢᠱᠢᠯᠲᠡ ᠪᠠᠷ | 180 ᠲᠦᠮᠡᠨ ᠲᠥᠭᠦᠷᠢᠭ ᠠᠴᠠ ᠳᠡᠭᠡᠭᠰᠢ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠬᠤ ᠪᠣᠯᠤᠨ᠎ᠠ᠃︾ | ᠭᠡᠵᠦ ᠲᠦᠴᠢᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ | ᠲᠠᠰᠤᠭ ᠤᠨ ᠠᠵᠢᠯ ᠢᠶᠠᠷ ᠲᠡᠳᠬᠦᠮᠵᠢ ᠶᠢ ᠣᠷᠣᠯᠠᠭᠤᠯᠬᠤ ᠬᠠᠷᠢᠭᠤᠴᠠᠯᠭᠠᠲᠠᠨ ᠯᠢᠦ ᠶᠤᠸᠠᠨ ᠬᠤᠤ ᠬᠡᠯᠡᠪᠡ᠃ |