6 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠤᠳᠤᠷᠢᠳᠬᠤ | ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ | ᠱᠦᠵᠢ ᠰᠦᠬᠡ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠭᠢᠯᠡᠨ ᠶᠠᠷᠢᠪᠠ᠃ | ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ | ᠱᠦᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠧᠩ | ᠭᠤᠸᠠᠩ ᠵᠢᠶᠦ᠋ᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢᠨ | ᠬᠢᠨᠠᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠳ | ᠰᠡᠷᠡᠮᠵᠢᠯᠡᠭᠦᠯᠬᠦ ᠬᠥᠮᠦᠵᠢᠯ ᠤᠨ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠶ᠎ᠠ︾ ᠭᠡᠬᠦ ᠹᠢᠯᠢᠮ ᠶᠢ ᠲᠥᠪᠯᠡᠷᠡᠭᠦᠯᠦᠨ ᠦᠵᠡᠪᠡ᠃ ᠰᠢᠤᠢ ᠵᠦᠸᠧ᠂ ᠯᠢᠦ ᠱᠦ ᠴᠧᠩ ᠵᠡᠷᠭᠡ | ᠠᠶᠢᠮᠠᠭ ᠤᠨ ᠤᠳᠤᠷᠢᠳᠤᠯᠭ᠎ᠠ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ ᠵᠢᠴᠢ | ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠰᠦᠬᠡ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠪᠤᠳᠤᠯᠭ᠎ᠠ ᠮᠥᠨ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠲᠠᠯ᠎ᠠ ᠠᠴᠠ | ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ ᠰᠠᠶᠢᠲᠤᠷ ᠠᠳᠬᠤᠵᠤ᠂ ︽ᠲᠦᠷᠢᠮ︾ ᠢ ᠰᠤᠷᠤᠯᠴᠠᠬᠤ ᠶᠢ | ᠢᠮᠠᠭᠲᠠ ᠲᠤᠭᠤᠰᠢᠯᠠᠭᠤᠯᠵᠦ᠂ ᠨᠠᠮᠴᠢ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠰᠤᠷᠲᠠᠯ ᠢᠶᠠᠨ ᠳᠠᠪᠲᠠᠨ | ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠬᠡᠷᠡᠭᠲᠡᠢ ᠭᠡᠪᠡ᠃ | ᠰᠦᠬᠡ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠰᠠᠬᠢᠯᠭ᠎ᠠ ᠪᠠᠲᠤ ᠪᠠᠷ | ᠬᠡᠷᠡᠭᠵᠢᠭᠦᠯᠦᠯᠲᠡ ᠪᠠᠨ ᠲᠥᠪ ᠪᠣᠯᠭᠠᠬᠤ᠂ ᠮᠡᠳᠡᠬᠦᠶ ᠬᠢᠬᠦᠶ ᠪᠠᠨ ᠨᠢᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦ | ᠣᠷᠣᠭᠤᠯᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠦᠭ | ᠰᠦᠨᠡᠰᠦ ᠶᠢ ᠤᠯᠠᠮ ᠴᠢᠨᠠᠭᠰᠢᠳᠠ ᠪᠠᠲᠤᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠬᠥᠪᠴᠢ ᠪᠠᠨ ᠴᠢᠩᠭᠠᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠢᠶᠠᠨ ᠴᠢᠩᠭᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠴᠢᠩᠭ᠎ᠠ ᠱᠠᠭᠠᠷᠳᠠᠯᠭ᠎ᠠ ᠪᠠᠷ | ᠥᠪᠡᠷ ᠢ ᠪᠠᠨ ᠵᠢᠷᠤᠮᠵᠢᠭᠤᠯᠵᠤ᠂ ᠥᠪᠡᠷ ᠢ ᠪᠠᠨ ᠬᠢᠵᠠᠭᠠᠷᠯᠠᠬᠤ ᠬᠡᠷᠡᠭᠲᠡᠢ᠃ ᠪᠦᠬᠦ ᠠᠶᠢᠮᠠᠭ ᠤᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠬᠤᠶᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠬᠤ ᠶᠢ ᠭᠦᠨᠵᠡᠭᠡᠶᠢᠷᠡᠭᠦᠯᠬᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠤᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ |