6 ᠳ᠋ᠤᠭᠠᠷ ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠣᠤᠷ᠎ᠠ ᠠᠭᠠᠷ ᠤᠨ ᠠᠵᠤ ᠠᠬᠤᠶ ᠶᠢ ᠥᠷᠨᠢᠭᠦᠯᠬᠦ᠂ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ | ᠳᠡᠭᠡᠭᠰᠢᠯᠡᠭᠦᠯᠬᠦ ᠵᠡᠷᠭᠡ ᠤᠴᠢᠷ ᠶᠠᠪᠤᠳᠠᠯ ᠢ ᠰᠤᠳᠤᠯᠤᠨ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ | ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠳᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ | ᠴᠢᠩᠭᠠᠳᠬᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠩ ᠢ ᠡᠰᠡᠷᠭᠦᠴᠡᠬᠦ᠂ ᠶᠡᠭᠡ | ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ | ᠤᠰᠤ ᠭᠠᠩ ᠤᠨ ᠭᠠᠮᠰᠢᠭ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ | ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ | ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ | ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠠ᠃ | ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠣᠣᠷ᠎ᠠ ᠠᠭᠠᠷ ᠤᠨ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠳᠣᠣᠷ᠎ᠠ ᠠᠭᠠᠷ ᠤᠨ ᠠᠵᠤ ᠠᠬᠤᠢ ᠶᠢ ᠬᠢᠩᠭᠠᠨ ᠠᠶᠢᠮᠠᠭ ᠤᠨ ᠤᠷᠤᠯᠳᠤᠭᠠᠨ ᠤ ᠵᠠᠮ ᠢ | ᠰᠣᠯᠢᠬᠤ ᠬᠦᠴᠦᠲᠡᠢ ᠭᠠᠷᠳᠠᠴᠠ ᠪᠣᠯᠭᠠᠵᠤ᠂ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ | ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠥᠯᠥᠭᠡᠯᠡᠬᠦ | ᠬᠦᠴᠦᠨ ᠲᠠᠢ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠥᠨᠳᠦᠷᠯᠢᠭ ᠢ ᠪᠠᠶᠢᠭᠤᠯᠬᠤ ᠪᠠᠷ | ᠴᠢᠷᠮᠠᠶᠢᠬᠤ ᠬᠡᠷᠡᠭᠲᠡᠢ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ | ᠰᠤᠷᠭᠠᠭᠤᠯᠢ ᠶᠢᠨ ᠭᠤᠣᠯᠯᠠᠭᠴᠢ ᠦᠷᠢᠰᠦᠯᠳᠦᠬᠦ ᠬᠦᠴᠦᠨ ᠪᠣᠯᠤᠨ ᠶᠡᠷᠦᠩᠬᠡᠶᠢᠯᠡᠭᠰᠡᠨ ᠰᠤᠷᠭᠠᠭᠤᠯᠢ ᠡᠷᠬᠢᠯᠡᠬᠦ ᠪᠣᠳᠠᠲᠤ | ᠬᠦᠴᠦᠨ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠬᠤ ᠬᠡᠷᠡᠭᠲᠡᠢ ᠭᠡᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |