ᠰᠦᠬᠡ ᠢᠦᠢ ᠵᠢᠢ ᠱᠦᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/2
   6 ᠳ᠋ᠤᠭᠠᠷ ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠪᠦᠯᠬᠦᠮ ᠳᠠᠭᠠᠭᠤᠯᠤᠨ ᠤᠯᠠᠭᠠᠨᠬᠤᠲᠠ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠢᠦᠶ ᠵᠢᠶ ᠱᠦᠨ᠂ ᠰᠢᠤᠢ ᠵᠦᠸᠧ ᠂ ᠯᠢᠦ ᠱᠦ ᠴᠧᠩ ᠵᠡᠷᠭᠡ ᠠᠶᠢᠮᠠᠭ ᠤᠨ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠰᠦᠬᠡ ᠪᠠᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠪᠠ᠃    ᠰᠦᠬᠡ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠵᠦ ᠪᠠᠶᠢᠭ᠎ᠠ ᠨᠢ ᠳᠠᠷᠤᠢ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠲᠦᠷᠦᠯ ᠵᠦᠢᠯ ᠢᠶᠠᠷ ᠭᠤᠣᠯ ᠪᠣᠯᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠡᠯ᠎ᠡ ᠱᠠᠲᠤᠨ ᠤ ᠬᠢᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠬᠦᠳᠦᠯᠦᠨ ᠵᠢᠯᠣᠭᠤᠳᠴᠤ᠂ ᠲᠦᠷᠦᠯ ᠵᠦᠢᠯ ᠢ ᠨᠢᠭᠡ ᠰᠡᠳᠬᠢᠯ ᠨᠢᠭᠡ ᠵᠣᠷᠢᠭ ᠢᠶᠠᠷ ᠠᠳᠬᠤᠵᠤ᠂ ᠪᠦᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠬᠡᠵᠦ᠂ ᠪᠦᠬᠦ ᠵᠢᠯ ᠤᠨ ᠲᠣᠭᠲᠠᠭᠰᠠᠨ ᠬᠠᠷᠠᠯᠲᠠ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ ᠶᠤᠮ ᠭᠡᠵᠦ ᠬᠡᠯᠡᠪᠡ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠭᠠᠷᠳᠠᠮ ᠭᠦᠢᠴᠡᠳᠬᠡᠬᠦ᠂ ᠪᠠᠷᠢᠯᠭ᠎ᠠ ᠶᠢᠨ ᠠᠵᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠴᠢᠩᠭ᠎ᠠ ᠠᠩᠬᠠᠷᠴᠤ᠂ ᠡᠷᠲᠡ ᠠᠴᠠ ᠬᠢᠨᠠᠨ ᠵᠥᠪᠰᠢᠶᠡᠷᠡᠬᠦ᠂ ᠡᠷᠲᠡ ᠠᠴᠠ ᠨᠠᠶᠢᠳᠠᠪᠤᠷᠢᠵᠢᠭᠤᠯᠬᠤ᠂ ᠡᠷᠲᠡ ᠠᠴᠠ ᠠᠵᠢᠯ ᠡᠬᠢᠯᠡᠭᠦᠯᠬᠦ᠂ ᠡᠷᠲᠡ ᠠᠴᠠ ᠪᠦᠳᠦᠭᠡᠨ ᠪᠠᠶᠢᠭᠤᠯᠬᠤ ᠪᠠᠷ ᠴᠢᠷᠮᠠᠶᠢᠵᠤ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠲᠦᠷᠭᠡᠨ ᠪᠤᠢ ᠪᠣᠯᠭᠠᠵᠤ᠂ ︽ᠬᠤᠶᠠᠷ ᠢ ᠬᠠᠭᠠᠰ ᠢᠶᠠᠷ ᠥᠩᠭᠡᠷᠡᠭᠦᠯᠬᠦ︾ ᠬᠠᠷᠠᠯᠲᠠ ᠶᠢ ᠪᠦᠬᠦ ᠬᠦᠴᠦᠨ ᠢᠶᠠᠷ ᠢᠶᠠᠨ ᠰᠢᠪᠲᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ ᠠᠵᠤ ᠠᠬᠤᠢ ᠶᠢᠨ ᠠᠵᠢᠯᠯᠠᠭᠠᠨ ᠢ ᠰᠠᠶᠢᠲᠤᠷ ᠠᠳᠬᠤᠵᠤ᠂ ᠨᠢᠭᠡ ᠲᠠᠯ᠎ᠠ ᠪᠠᠷ ᠨᠢᠭᠡᠳᠦᠯᠲᠡᠢ ᠪᠣᠯᠭᠠᠪᠠᠰᠤ ᠵᠣᠬᠢᠬᠤ ᠶᠢ ᠨᠢ ᠪᠦᠬᠦᠨ ᠢ ᠠᠳᠬᠤᠵᠤ᠂ ᠶᠠᠭᠠᠬᠢᠭᠰᠠᠨ ᠴᠤ ᠬᠤᠳᠠᠯ ᠬᠠᠭᠤᠷᠮᠠᠭ ᠢᠶᠠᠷ ᠦᠢᠯᠡᠳᠬᠦ ᠦᠭᠡᠢ ᠪᠠᠶᠢᠵᠤ᠂ ᠨᠢᠭᠡ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠭᠠᠷ ᠲᠦᠷᠦᠭᠦ ᠂ ᠵᠦᠢ ᠵᠣᠬᠢᠰᠲᠠᠢ ᠬᠦᠳᠦᠯᠦᠨ ᠵᠢᠯᠣᠭᠤᠳᠬᠤ ᠶᠢ ᠠᠳᠬᠤᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠭᠰᠠᠨ ᠠᠰᠢᠭ ᠦᠭᠡᠢ ᠪᠠᠶᠢᠳᠠᠯ ᠢ ᠪᠦᠬᠦ ᠬᠦᠴᠦᠨ ᠢᠶᠠᠷ ᠢᠶᠠᠨ ᠬᠤᠪᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠰᠠᠶᠢᠲᠤᠷ ᠠᠳᠬᠤᠬᠤ ᠪᠠᠷ ᠨᠢᠭᠡᠳᠦᠭᠡᠷ ᠠᠵᠢᠯ ᠤᠨ ᠠᠮᠵᠢᠯᠲᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠬᠢᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠲᠠᠪᠤᠨ ᠠᠰᠠᠭᠤᠳᠠᠯ︾ ᠪᠠ ᠮᠠᠯᠵᠢᠬᠤ ᠲᠠᠷᠢᠶᠠᠯᠠᠬᠤ ᠣᠷᠣᠨ ᠤ ︽ᠲᠤᠯᠤᠭᠠᠨ ᠶᠠᠭᠠᠬᠢᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠩ ᠣᠯᠠᠨ ᠬᠢᠩᠭᠠᠨ ᠠᠶᠢᠮᠠᠭ ᠤᠨ ᠣᠨᠴᠠᠯᠢᠭ ᠲᠠᠢ ᠠᠷᠭ᠎ᠠ ᠬᠢᠳᠡᠯ ᠪᠠ ᠵᠠᠭᠪᠤᠷ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠠᠵᠢᠯ ᠬᠢᠵᠦ ᠦᠢᠯᠡᠰ ᠪᠦᠲᠦᠭᠡᠬᠦ ᠴᠤᠭ ᠰᠦᠯᠳᠡ ᠪᠠᠨ ᠪᠠᠳᠠᠷᠠᠭᠤᠯᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠬᠤᠶᠢᠨ᠎ᠠ ᠬᠤᠶᠢᠨ᠎ᠠ ᠠᠴᠠ ᠪᠠᠨ ᠴᠢᠷᠮᠠᠶᠢᠨ ᠠᠵᠢᠯᠯᠠᠵᠤ᠂ ︽ᠬᠢᠩᠭᠠᠨ ᠠᠶᠢᠮᠠᠭ ᠲᠤ ᠪᠠᠶᠢᠵᠤ᠂ ᠬᠢᠩᠭᠠᠨ ᠠᠶᠢᠮᠠᠭ ᠢ ᠬᠠᠶᠢᠷᠠᠯᠠᠵᠤ ᠂ ᠬᠢᠩᠭᠠᠨ ᠠᠶᠢᠮᠠᠭ ᠤᠨ ᠲᠥᠯᠥᠭᠡ ᠵᠢᠳᠬᠦᠬᠦ︾ ᠰᠡᠳᠬᠢᠯᠭᠡ ᠪᠠᠷ ︽ᠬᠢᠩᠭᠠᠨ ᠠᠶᠢᠮᠠᠭ ᠪᠣᠯ ᠪᠢᠳᠡᠨ ᠤ ᠬᠠᠮᠲᠤ ᠶᠢᠨ ᠭᠡᠷ ᠪᠦᠯᠢ ᠮᠥᠨ︾ ᠭᠡᠬᠦ ᠰᠡᠳᠬᠢᠯᠭᠡ ᠪᠠᠷ᠂ ︽ᠴᠢᠳᠠᠯ ᠬᠦᠷᠬᠦ ᠦᠭᠡᠢ ᠪᠣᠯᠲᠠᠯ᠎ᠠ ᠴᠢᠷᠮᠠᠶᠢᠬᠤ︾ ᠬᠦᠴᠦᠨ ᠢᠶᠠᠷ ᠢᠶᠠᠨ ᠡᠷᠴᠢ ᠵᠣᠷᠢᠭ᠂ ᠬᠠᠲᠠᠭᠤ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠠᠶᠢᠮᠠᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠡᠳᠬᠢᠯ ᠲᠠᠯᠪᠢᠨ ᠬᠦᠴᠦ ᠣᠷᠣᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号