ᠲᠦᠴᠢᠦᠸᠠᠨ ᠰᠢᠶᠠᠨ ︽ᠳᠣᠯᠣᠭᠠᠨ ᠰᠠᠷ᠎ᠠ ᠶᠢᠨ ᠨᠢᠭᠡᠨ ᠢ ᠤᠭᠲᠤᠬᠤ ᠬᠤᠪᠢᠰᠬᠠᠯ ᠤᠨ ᠭᠤᠤᠯ ᠰᠡᠳᠦᠪᠲᠦ ᠬᠥᠮᠦᠵᠢᠯ︾ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ 6 ᠰᠠᠷ᠎ᠠ ᠶᠢᠨ 30 ᠤ ᠡᠳᠦᠷ᠂ ᠲᠦᠴᠢᠦᠸᠠᠨ ᠰᠢᠶᠠᠨ ᠤ ᠵᠠᠭᠤ ᠭᠠᠷᠤᠢ ᠨᠠᠮ ᠤᠨ ᠭᠡᠰᠢᠭᠦᠨ ᠺᠠᠳ᠋ᠷ ᠰᠢᠶᠠᠨ ᠤ ᠲᠡᠦᠬᠡ ᠰᠣᠶᠣᠯ ᠤᠨ ᠮᠦᠽᠧᠢ ᠳᠤ ᠴᠤᠭᠯᠠᠷᠠᠨ ᠤᠯᠠᠭᠠᠨ ᠴᠡᠷᠢᠭ ᠤᠨ ᠬᠤᠪᠴᠠᠰᠤ ᠡᠮᠦᠰᠴᠦ᠂ ᠬᠤᠪᠢᠰᠬᠠᠯ ᠤᠨ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠪᠢᠰᠬᠠᠯ ᠤᠨ ᠦᠯᠢᠭᠡᠷ ᠢ ᠰᠣᠨᠣᠰᠴᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠤᠩᠰᠢᠵᠤ᠂ ︽ᠲᠤᠯᠤᠭᠠᠨ ᠰᠠᠷ᠎ᠠ ᠶᠢᠨ ᠨᠢᠭᠡᠨ ᠢ ᠤᠭᠲᠤᠬᠤ ᠬᠤᠪᠢᠰᠬᠠᠯ ᠤᠨ ᠭᠤᠣᠯ ᠰᠡᠳᠦᠪᠲᠦ ᠬᠥᠮᠦᠵᠢᠯ︾ ᠰᠢᠷᠢᠰ ᠠᠵᠢᠯᠯᠠᠭ᠎ᠠ ᠥᠷᠨᠢᠭᠦᠯᠪᠡ᠃
   ᠦᠳᠡ ᠶᠢᠨ ᠡᠮᠦᠨᠡᠬᠢ 9 ᠴᠠᠭ ᠲᠤ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ  ᠤ ᠠᠯᠪᠠᠨ ᠭᠡᠷ᠂ ᠤᠬᠠᠭᠤᠯᠬᠤ ᠬᠡᠯᠲᠡᠰ ᠤᠨ ᠵᠠᠭᠤ ᠭᠠᠷᠤᠢ ᠨᠠᠮ ᠤᠨ ᠭᠡᠰᠢᠭᠦᠨ ᠺᠠᠳ᠋ᠷ ᠭᠡᠬᠦᠳᠡᠭ ᠳᠦᠭᠦᠷᠡᠩ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠲᠦᠴᠢᠦᠸᠠᠨ ᠰᠢᠶᠠᠨ ᠤ ᠲᠡᠦᠬᠡ ᠰᠣᠶᠣᠯ ᠤᠨ ᠮᠦᠽᠧᠢ ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠭᠰᠠᠨ ︽ᠵᠠᠭᠤᠨ ᠵᠢᠯ ᠤᠨ ᠲᠦᠴᠢᠦᠸᠠᠨ᠂ ᠭᠠᠶᠢᠬᠠᠮᠰᠢᠭᠲᠤ ᠣᠨ ᠰᠠᠷ᠎ᠠ︾ ᠭᠡᠬᠦ ᠭᠤᠣᠯ ᠰᠡᠳᠦᠪᠲᠦ ᠦᠵᠡᠰᠬᠦᠯᠡᠩ ᠢ ᠲᠣᠭᠤᠷᠢᠨ ᠦᠵᠡᠵᠦ᠂ ᠬᠤᠪᠣᠷ ᠨᠠᠨᠳᠢᠨ ᠲᠡᠦᠬᠡ ᠶᠢᠨ ᠭᠡᠷᠡᠯ ᠵᠢᠷᠤᠭ ᠤᠳ᠂ ᠦᠨᠡᠨ ᠪᠣᠳᠠᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠪᠣᠳᠠᠰ ᠤᠳ ᠨᠢᠳᠦᠨ ᠡᠮᠦᠨ᠎ᠡ ᠢᠯᠡᠷᠡᠵᠦ᠂ ᠨᠠᠮ ᠤᠨ ᠭᠡᠰᠢᠭᠦᠨ ᠺᠠᠳ᠋ᠷᠴᠤᠳ ᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠡᠯᠬᠡᠭ ᠪᠠᠭᠠᠲᠤᠷᠯᠢᠭ ᠰᠥᠰᠥ ᠵᠣᠷᠢᠭ ᠢ ᠭᠦᠨᠵᠡᠭᠡᠢ ᠮᠡᠳᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠡᠮᠡᠬᠡᠶᠢᠯᠡᠨ ᠤᠷᠤᠭᠰᠢᠯᠠᠵᠤ᠂ ᠵᠠᠭᠤᠨ ᠵᠢᠯ ᠤᠨ ᠲᠡᠮᠡᠴᠡᠯ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠤᠢᠢᠯᠠᠭᠠᠭᠤᠯᠵᠠᠢ᠃    ᠦᠷᠡᠭᠳᠡᠭᠰᠡᠨ ᠪᠠᠭᠠᠲᠤᠷᠴᠤᠳ ᠤᠨ ᠨᠡᠷᠡᠰ ᠤᠨ ᠵᠢᠭᠰᠠᠭᠠᠯᠲᠠ ᠶᠢᠨ ᠡᠮᠦᠨ᠎ᠡ᠂ ᠪᠥᠬᠦ ᠨᠠᠮ ᠤᠨ ᠭᠡᠰᠢᠭᠦᠨ ᠺᠠᠳ᠋ᠷ ᠲᠥᠪ ᠴᠢᠩᠭ᠎ᠠ ᠪᠠᠷ ᠵᠣᠭᠰᠣᠵᠤ᠂ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠲᠤ ᠨᠠᠮᠠᠨᠴᠢᠯᠠᠨ ᠶᠣᠰᠣᠯᠠᠵᠤ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠪᠥᠬᠦ ᠨᠠᠮ ᠤᠨ ᠭᠡᠰᠢᠭᠦᠨ ᠺᠠᠳ᠋ᠷ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠵᠦ᠂ ᠡᠷᠡᠰ ᠪᠠᠲᠤ ᠲᠠᠩᠭᠠᠷᠢᠭ ᠤᠨ ᠦᠭᠡ᠂ ᠢᠳᠡ ᠬᠦᠴᠦᠨ ᠲᠠᠢ ᠪᠠᠶᠢᠵᠤ᠂ ᠣᠯᠠᠨ ᠤ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠢᠲᠡᠭᠡᠯ ᠵᠣᠷᠢᠭ ᠢ ᠢᠯᠡᠷᠡᠭᠦᠯᠵᠦ᠂ ᠪᠥᠬᠦ ᠨᠠᠮ ᠤᠨ ᠭᠡᠰᠢᠭᠦᠨ ᠤ ︽ᠨᠠᠮ ᠢᠶᠠᠨ ᠬᠠᠶᠢᠷᠠᠯᠠᠵᠤ᠂ ᠤᠯᠤᠰ  ᠢᠶᠠᠨ ᠬᠠᠶᠢᠷᠠᠯᠠᠬᠤ︾ ᠭᠦᠨ ᠵᠤᠵᠠᠭᠠᠨ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠨᠠᠩ ᠬᠥᠭᠵᠢᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠢᠲᠡᠭᠡᠯ ᠵᠣᠷᠢᠭ ᠢ ᠤᠯᠠᠮ ᠪᠠᠲᠤᠳᠬᠠᠪᠠ᠃
   ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠭᠡᠰᠢᠭᠦᠴᠢ ᠴᠢᠦᠶ ᡁᠢ ᠫᠢᠩ 2024 ᠣᠨ ᠤ ᠡᠬᠢ ᠪᠠᠷ ᠰᠠᠶ᠋ᠢ ᠠᠵᠢᠯ ᠳᠤ ᠭᠠᠷᠴᠤ᠂ ᠡᠨᠡ ᠤᠳᠠᠭ᠎ᠠ ᠶᠢᠨ ᠬᠠᠮᠲᠤ ᠶᠢᠨ ᠠᠵᠢᠯᠯᠠᠭ᠎ᠠ ᠳᠤ ᠣᠷᠣᠯᠴᠠᠭᠠᠳ ᠮᠠᠰᠢ ᠶᠡᠭᠡ ᠣᠯᠤᠯᠲᠠ ᠲᠠᠢ ᠪᠣᠯᠵᠠᠶ᠃
   ︽ᠶᠡᠷᠦᠩᠬᠡᠢ ᠱᠦᠵᠢ ᠰᠢ ᠶᠢᠨ ᠫᠢᠩ ︿ᠬᠡᠳᠦᠢ ᠬᠤᠯᠠ ᠶᠠᠪᠤᠵᠤ᠂ ᠬᠡᠳᠦᠢ ᠭᠡᠷᠡᠯ ᠰᠠᠴᠤᠷᠠᠩᠭᠤᠢ ᠢᠷᠡᠭᠡᠳᠦᠢ  ᠳᠤ ᠬᠦᠷᠦᠭᠰᠡᠨ ᠴᠦ ᠥᠩᠭᠡᠷᠡᠭᠰᠡᠨ ᠢᠶᠠᠨ ᠮᠠᠷᠲᠠᠵᠤ ᠪᠣᠯᠬᠤ ᠦᠭᠡᠢ᠂ ᠶᠠᠭᠤᠨ ᠤ ᠲᠥᠯᠥᠭᠡ ᠮᠣᠷᠳᠠᠭᠰᠠᠨ ᠢᠶᠠᠨ ᠮᠠᠷᠲᠠᠵᠤ ᠪᠣᠯᠬᠤ ᠦᠭᠡᠢ﹀᠃ ᠨᠠᠮ ᠤᠨ ᠲᠡᠦᠬᠡ ᠶᠢ ᠲᠣᠭᠤᠷᠢᠨ ᠦᠵᠡᠵᠦ ᠰᠤᠷᠤᠯᠴᠠᠬᠤ ᠨᠢ ᠳᠠᠷᠤᠢ ᠮᠠᠨ ᠤ ᠨᠠᠮ  ᠤᠨ ᠭᠡᠰᠢᠭᠦᠨ ᠺᠠᠳ᠋ᠷ ᠲᠡᠦᠬᠡ ᠪᠠᠷ ᠲᠤᠯᠢ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠬᠤ ᠶᠢ ᠴᠠᠭ ᠢᠮᠠᠭᠲᠠ ᠰᠠᠨᠠᠭᠤᠯᠵᠤ ᠪᠠᠶᠢᠨ᠎ᠠ᠃ ᠮᠠᠨ ᠤ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠪᠢᠳᠡ ᠪᠠᠰᠠ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤ ᠴᠡᠭᠡᠵᠢᠯᠡᠵᠦ᠂ ᠨᠡᠩ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠢᠶᠠᠨ ᠴᠢᠷᠮᠠᠶᠢᠨ ᠰᠠᠶᠢᠲᠤᠷ ᠬᠢᠬᠦ ᠬᠡᠷᠡᠭᠲᠡᠢ᠃︾ ᠭᠡᠵᠦ ᠴᠢᠦᠶ ᡁᠢ ᠫᠢᠩ ᠬᠡᠯᠡᠪᠡ᠃
   ᠠᠵᠢᠯᠯᠠᠭ᠎ᠠ ᠶᠢᠨ ᠬᠤᠭᠤᠴᠠᠭᠠᠨ ᠳᠤ᠂ ᠣᠯᠠᠨ ᠢᠶᠠᠷ ᠢᠶᠠᠨ ᠪᠠᠰᠠ ᠪᠢᠴᠢᠯ ᠣᠬᠤᠷ ᠹᠢᠯᠢᠮ ︽ᠮᠦᠽᠧᠶ ᠳᠠᠬᠢ ᠨᠠᠮ ᠤᠨ ᠲᠡᠦᠬᠡ︾ ᠶᠢ ᠬᠠᠮᠲᠤ ᠪᠠᠷ ᠦᠵᠡᠵᠦ᠂ ᠤᠯᠠᠭᠠᠨ ᠲᠤᠭ ᠢ ᠬᠠᠮᠲᠤ ᠪᠠᠷ ᠬᠤᠷᠤᠶᠢᠯᠠᠵᠤ᠂ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠶᠢ ᠬᠠᠩᠭᠢᠨᠠᠭᠤᠯᠵᠤ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠴᠥᠮ ᠰᠦᠭ ᠰᠦᠨᠡᠰᠦ ᠶᠢ ᠭᠦᠨᠳᠡᠬᠦ ᠣᠶᠤᠨ ᠰᠠᠨᠠᠭᠠᠨ ᠤ ᠳᠠᠪᠲᠠᠯᠲᠠ ᠪᠠ ᠨᠠᠮᠴᠢ ᠴᠢᠨᠠᠷ ᠤᠨ ᠳᠠᠪᠲᠠᠯᠲᠠ ᠶᠢ ᠭᠥᠯᠢᠶᠡᠨ ᠠᠪᠤᠭᠰᠠᠨ ᠢᠶᠠᠨ ᠢᠯᠡᠳᠬᠡᠵᠦ᠂ ᠨᠠᠮ ᠢᠶᠠᠨ ᠳᠠᠭᠠᠬᠤ ᠡᠷᠡᠰ ᠵᠣᠷᠢᠭ ᠢᠶᠠᠨ ᠨᠠᠩ ᠪᠠᠲᠤᠳᠬᠠᠵᠤ᠂ ᠡᠪ ᠬᠠᠮᠲᠤ ᠶᠣᠰᠣᠨ ᠤ ᠢᠲᠡᠭᠡᠯ ᠵᠣᠷᠢᠭ ᠢᠶᠠᠨ ᠪᠠᠲᠤᠳᠬᠠᠵᠠᠶ᠃
   ︽ᠦᠵᠡᠭᠦᠯᠭᠡ ᠶᠢᠨ ᠲᠢᠩᠬᠢᠮ ᠳᠤ ᠣᠷᠣᠭᠠᠳ ᠪᠢ ᠮᠠᠰᠢ ᠭᠠᠶᠢᠬᠠᠵᠤ ᠪᠠᠶᠢᠨ᠎ᠠ᠂ ᠪᠢᠳᠡ ᠲᠦᠴᠢᠦᠸᠠᠨ ᠰᠢᠶᠠᠨ  ᠤ ᠬᠥᠭᠵᠢᠯᠲᠡ ᠶᠢᠨ ᠲᠡᠦᠬᠡ ᠶᠢ ᠭᠦᠨᠵᠡᠭᠡᠢ ᠣᠶᠢᠯᠠᠭᠠᠵᠤ᠂ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ ᠪᠢᠳᠡᠨ  ᠤ ᠨᠠᠮᠴᠢ ᠴᠢᠨᠠᠷ ᠢ ᠴᠢᠩᠭᠠᠳᠬᠠᠵᠤ᠂ ᠪᠢᠳᠡᠨ ᠤ ᠵᠣᠷᠢᠭ ᠰᠠᠨᠠᠭ᠎ᠠ ᠶᠢ ᠪᠠᠲᠤᠳᠬᠠᠭᠰᠠᠨ ᠪᠥᠭᠡᠳ ᠪᠠᠰᠠ ᠮᠠᠨ ᠤ ᠲᠦᠴᠢᠦᠸᠠᠨ ᠤ ᠡᠬᠡ ᠭᠠᠵᠠᠷ ᠳᠡᠭᠡᠷᠡᠬᠢ ︿ᠤᠮᠠᠷᠠᠲᠤ ᠬᠢᠯᠢ ᠶᠢᠨ ᠰᠣᠶᠣᠯ﹀ ᠢ ᠰᠠᠶᠢᠲᠤᠷ ᠬᠥᠭᠵᠢᠭᠦᠯᠬᠦ ᠶᠢ ᠬᠦᠰᠡᠵᠦ ᠪᠠᠶᠢᠨ᠎ᠠ᠃︾ ᠭᠡᠵᠦ ᠤᠬᠠᠭᠤᠯᠬᠤ ᠬᠡᠯᠲᠡᠰ ᠤᠨ ᠭᠡᠰᠢᠭᠦᠴᠢ ᠯᠠᠢ ᠸᠧᠨ ᠳ᠋ᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号