︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠫᠢᠩᠫᠠᠩ ᠪᠥᠮᠪᠦᠭᠡ᠂ ᠥᠳᠥᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/7/2
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠪᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠵᠢᠴᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠃ 7 ᠰᠠᠷ᠎ᠠ ᠶᠢᠨ 1 ᠤ ᠡᠳᠦᠷ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠫᠢᠩᠫᠠᠩ ᠪᠥᠮᠪᠦᠭᠡ᠂ ᠥᠳᠥᠨ ᠪᠥᠮᠪᠦᠭᠡ᠂ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠣᠰ ᠠᠵᠢᠯᠯᠠᠭ᠎ᠠ ᠶᠢ ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠴᠢᠦᠸᠠᠨ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯᠤᠨ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠳᠠᠭᠠᠭᠠᠴᠢᠯᠠᠨ ᠡᠷᠭᠢᠯᠡᠪᠡ᠃
   ᠤᠷᠤᠯᠳᠤᠭᠠᠨ ᠨᠢ ᠭᠡᠰᠢᠭᠦᠳ ᠤᠨ ᠡᠲᠡᠭᠡᠳ ᠤᠨ ᠢᠯᠭᠠᠯ ᠢᠶᠠᠷ ᠨᠢᠭᠡᠴᠢ ᠪᠣᠯᠭᠠᠵᠤ᠂ ᠨᠡᠶᠢᠲᠡ 11 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠤ᠂ ᠡᠯ᠎ᠡ ᠲᠥᠯᠥᠭᠡᠯᠡᠭᠴᠢᠳ ᠤᠨ ᠠᠩᠭᠢ ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠶᠢ ᠭᠦᠶᠴᠡᠳ ᠪᠠᠳᠠᠷᠠᠭᠤᠯᠵᠤ᠂ ᠴᠢᠷᠮᠠᠶᠢᠨ ᠲᠡᠮᠡᠴᠡᠵᠦ᠂ ᠡᠷᠡᠯᠬᠡᠭᠯᠡᠨ ᠲᠡᠮᠡᠴᠡᠵᠦ᠂ ᠭᠤᠶᠢᠳᠠ ᠰᠠᠶᠢᠬᠠᠨ ᠤᠷᠤᠯᠳᠤᠭᠠᠨ ᠶᠠᠪᠤᠭᠤᠯᠵᠤ᠂ ᠭᠤᠴᠣ ᠰᠠᠶᠢᠬᠠᠨ ᠪᠥᠮᠪᠥᠭᠡᠨ ᠮᠡᠷᠭᠡᠵᠢᠯ ᠪᠠ ᠡᠷᠡᠯᠬᠡᠭᠯᠡᠨ ᠲᠡᠮᠡᠴᠡᠵᠦ᠂ ᠪᠦᠯᠬᠦᠮᠳᠡᠨ ᠳᠠᠪᠰᠢᠭᠰᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ
ᠢᠯᠡᠷᠡᠭᠦᠯᠪᠡ᠃
   ᠡᠨᠡ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠰᠢᠯᠭᠠᠨ ᠦᠵᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠭᠤᠷᠣᠨᠳᠣᠬᠢ ᠣᠶᠢᠯᠠᠭᠠᠯᠴᠠᠭ᠎ᠠ ᠶᠢ ᠨᠡᠮᠡᠭᠳᠡᠭᠦᠯᠦᠨ᠂ ᠨᠥᠬᠦᠷᠯᠡᠯ ᠢ ᠨᠡᠮᠡᠭᠳᠡᠭᠦᠯᠵᠦ᠂ ᠪᠦᠯᠬᠦᠮᠳᠡᠯ ᠢ ᠴᠢᠩᠭᠠᠳᠬᠠᠨ᠂ ᠬᠥᠭᠵᠢᠯᠲᠡ ᠶᠢ ᠠᠬᠢᠭᠤᠯᠪᠠ᠃
   ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠤᠷᠤᠯᠳᠤᠭᠠᠨ ᠳᠤ ᠣᠷᠣᠯᠴᠠᠵᠤ ᠳᠡᠶᠢᠯᠦᠭᠰᠡᠨ ᠳᠡᠭᠡᠨ ᠮᠠᠰᠢ ᠪᠠᠶᠠᠷᠯᠠᠵᠤ ᠪᠠᠶᠢᠨ᠎ᠠ᠃ ᠪᠢᠳᠡ ᠲᠤᠰ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠨ᠂ ᠪᠦᠯᠬᠦᠮ ᠨᠡᠶᠢᠲᠡ ᠶᠢᠨ ᠤᠬᠠᠮᠰᠠᠷ᠂ ᠬᠠᠮᠵᠢᠯᠴᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠡᠰᠢᠭᠦᠳ ᠤᠨ ᠦᠢᠯᠡᠳᠦᠯ ᠢ ᠪᠠᠳᠠᠷᠠᠭᠤᠯᠤᠨ᠂ ᠨᠡᠩ ᠪᠦᠯᠬᠦᠮᠳᠡᠯ ᠲᠠᠢ ᠲᠡᠮᠡᠴᠡᠯ ᠤᠨ ᠳᠦᠷᠰᠦ ᠪᠠᠶᠢᠳᠠᠯ ᠢᠶᠠᠷ ᠨᠠᠮ ᠪᠠᠶᠢᠭᠤᠯᠤᠭᠳᠠᠭᠰᠠᠨ 103 ᠵᠢᠯ ᠤᠨ ᠤᠢ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠠᠶᠠᠷᠯᠠᠨ ᠤᠭᠲᠤᠨ᠎ᠠ᠃︾ ᠭᠡᠵᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠢ ᠭᠦᠸᠧ ᠵᠢᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号