ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ  ᠤ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠶᠠᠨ ᠨᠢᠭᠡᠳᠦᠭᠡᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/20
  7 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠠᠨ ᠨᠢᠭᠡᠳᠦᠭᠡᠷ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠴᠢᠩᠭᠠᠳᠬᠠᠭᠰᠠᠨ ᠨᠢ᠂ ᠪᠦᠬᠦ ᠰᠢᠶᠠᠨ ᠳᠠᠶᠠᠭᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ  ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠦᠳᠲᠡᠷ ᠲᠦᠷᠭᠡᠨ ᠨᠢᠭᠡᠳᠬᠡᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠳᠤ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃   ᠬᠤᠷᠠᠯ ᠠᠴᠠ ᠴᠢᠩᠭᠠᠳᠬᠠᠭᠰᠠᠨ ᠨᠢ  ᠂ ᠬᠥᠭᠵᠢᠯᠲᠡ ᠶᠢ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠢᠨᠵᠧᠨᠧᠷᠢᠩ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢ ᠰᠠᠶᠢᠲᠤᠷ ᠠᠳᠬᠤᠵᠤ᠂ ᠭᠤᠷᠪᠠᠳᠤᠭᠠᠷ ᠤᠯᠠᠷᠢᠯ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠷᠭᠢᠯᠲᠡ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ  ᠃ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠰᠠᠶᠢᠲᠤᠷ ᠠᠳᠬᠤᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠠᠵᠤ ᠠᠬᠤᠢ ᠶᠢᠨ ᠬᠥᠭᠵᠢᠯᠲᠡ  ᠶᠢᠨ《 ᠬᠤᠣᠰ ᠠᠮᠵᠢᠯᠲᠠ 》 ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠲᠤᠰᠬᠠᠢ ᠠᠵᠢᠯᠯᠠᠭ᠎ᠠ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠮᠢ ᠠᠬᠤᠢ ᠶᠢᠨ ᠠᠮᠤᠷ ᠲᠦᠪᠰᠢᠨ ᠢ ᠤᠷᠳᠤ ᠬᠤᠭᠤᠴᠠᠭ᠎ᠠ ᠪᠦᠲᠦᠮᠵᠢᠲᠡᠢ ᠪᠠᠬᠢᠵᠢᠭᠦᠯᠬᠦ ᠬᠡᠷᠡᠭᠲᠡᠢ  ᠃ ᠥᠭᠡᠷᠡᠴᠢᠯᠡᠯᠲᠡ  ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠨᠡᠩ ᠤᠯᠠᠨ ᠦᠨᠡᠨ ᠪᠣᠳᠠᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠠᠮᠤᠷ ᠲᠦᠪᠰᠢᠨ ᠢ ᠠᠳᠬᠤᠵᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠭᠤᠷᠪᠠᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠦᠷᠦᠭᠦᠯᠡᠨ ᠴᠢᠯᠥᠭᠡ ᠭᠤᠶᠤᠬᠤ ᠪᠠ ᠴᠢᠯᠥᠭᠡ ᠲᠠᠶᠢᠯᠬᠤ ᠵᠡᠷᠭᠡ ᠬᠤᠯᠪᠣᠭᠳᠠᠯ ᠪᠥᠬᠦᠶ ᠲᠦᠷᠢᠮ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠪᠥᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠶ ᠬᠢᠨᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号