ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ 《 ᠠᠯᠪᠠᠨ ᠵᠠᠷᠤᠴᠠ ᠬᠤᠨᠳᠠᠭᠠᠲᠤ 》 ᠠᠯᠠᠭᠠᠳᠠᠬᠤ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/7/20
   ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠬᠤᠷᠢᠶ᠎ᠠ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ ᠲᠦᠴᠢᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ 《 ᠠᠯᠪᠠᠨ ᠵᠠᠷᠤᠴᠠ ᠬᠤᠨᠳᠠᠭᠠᠲᠤ 》 ᠠᠯᠠᠭᠠᠳᠠᠬᠤ ᠪᠥᠮᠪᠦᠭᠡ ᠶᠢᠨ ᠬᠤᠯᠪᠣᠭᠠᠲᠤ ᠤᠷᠤᠯᠳᠤᠭᠠᠨ 29 ᠡᠳᠦᠷ ᠤᠨ ᠰᠢᠷᠦᠭᠦᠨ ᠲᠡᠮᠡᠴᠡᠭᠡᠨ ᠢᠶᠠᠷ ᠳᠡᠮᠵᠢᠨ ᠲᠡᠭᠦᠰ ᠠᠮᠵᠢᠯᠲᠠ ᠲᠠᠢ ᠥᠨᠳᠥᠷᠯᠡᠪᠡ  ᠃ ᠰᠢᠶᠠᠨ ᠤ ᠤᠳᠤᠷᠢᠳᠤᠯᠭ᠎ᠠ ᠸᠠᠩ ᠵᠢᠶᠠᠨ ᠭᠦᠸᠧ᠂ ᠸᠠᠩ ᠶᠢᠩ ᠴᠢᠶᠦ᠋ᠨ᠂ ᠼᠤᠤ ᠶᠦᠩ ᠰᠢᠨ᠂ ᠵᠢᠶᠠ ᠭᠦᠸᠧ ᠬᠠᠢ᠂ ᠯᠢ ᠳ᠋ᠧ ᠯᠢᠶᠠᠩ᠂ ᠴᠧᠨ ᠭᠦᠸᠧ ᠴᠢᠩ ᠲᠡᠭᠦᠰᠬᠦ ᠶᠣᠰᠣᠯᠠᠯ ᠳᠤ ᠣᠷᠣᠯᠴᠠᠪᠠ  ᠃    ᠲᠤᠰ ᠤᠳᠠᠭᠠᠨ ᠤ ᠤᠷᠤᠯᠳᠤᠭᠠᠨ ᠳᠤ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ 40 ᠭᠠᠷᠤᠶ ᠡᠩᠨᠡᠭᠡ 400 ᠭᠠᠷᠤᠶ ᠠᠵᠢᠯᠲᠠᠨ ᠠᠵᠢᠯᠴᠢᠨ ᠣᠷᠣᠯᠴᠠᠵᠠᠶ  ᠃ ᠡᠴᠦᠰ ᠲᠤ᠂ ᠲᠦᠴᠢᠦᠸᠠᠨ ᠰᠢᠶᠠᠨ  ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠬᠢᠲᠠᠳ ᠡᠮᠨᠡᠯᠭᠡ ᠶᠢᠨ ᠬᠤᠷᠢᠶᠠᠨ  ᠤ ᠲᠥᠯᠥᠭᠡᠯᠡᠭᠴᠢᠳ ᠤᠨ ᠠᠩᠭᠢ᠂ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠲᠥᠯᠥᠭᠡᠯᠡᠭᠴᠢᠳ ᠤᠨ ᠠᠩᠭᠢ᠂ ᠰᠤᠷᠭᠠᠨ ᠬᠥᠮᠦᠵᠢᠯ ᠤᠨ ᠲᠣᠪᠴᠢᠶᠠᠨ ᠤ ᠲᠥᠯᠥᠭᠡᠯᠡᠭᠴᠢᠳ ᠤᠨ ᠠᠩᠭᠢ᠂ ᠰᠢᠭᠦᠬᠦ ᠬᠤᠷᠢᠶᠠᠨ ᠤ ᠲᠥᠯᠥᠭᠡᠯᠡᠭᠴᠢᠳ  ᠤᠨ ᠠᠩᠭᠢ᠂ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠰᠢᠶᠠᠨ ᠤ ᠰᠢᠭᠤᠳ ᠡᠮᠦᠨ᠎ᠡ ᠵᠢᠷᠭᠤᠭᠠᠨ ᠨᠡᠷᠡᠰ ᠲᠤ ᠣᠷᠣᠵᠤ᠂ ᠳᠦᠷᠦᠯᠵᠢ ᠪᠠᠯᠭᠠᠰᠤᠨ ᠤ ᠲᠥᠯᠥᠭᠡᠯᠡᠭᠴᠢᠳ ᠤᠨ ᠠᠩᠭᠢ᠂ ᠵᠢᠦ ᠯᠦᠩ ᠰᠢᠶᠠᠩ ᠤᠨ ᠲᠥᠯᠥᠭᠡᠯᠡᠭᠴᠢᠳ ᠤᠨ ᠠᠩᠭᠢ᠂ ᠯᠢᠦ ᠬᠤ᠋ ᠪᠠᠯᠭᠠᠰᠤᠨ ᠤ ᠲᠥᠯᠥᠭᠡᠯᠡᠭᠴᠢᠳ ᠤᠨ ᠠᠩᠭᠢ ᠰᠢᠶᠠᠩ ᠪᠠᠯᠭᠠᠰᠤᠨ ᠤ ᠡᠮᠦᠨ᠎ᠡ ᠭᠤᠷᠪᠠᠨ ᠨᠡᠷᠡᠰ ᠲᠤ ᠣᠷᠣᠵᠤ᠂ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠶᠡᠷᠦᠩᠬᠡᠶ ᠮᠠᠩᠯᠠᠶ ᠪᠣᠯᠵᠠᠶ  ᠃    ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠡᠯ᠎ᠡ ᠲᠥᠯᠥᠭᠡᠯᠡᠭᠴᠢᠳ ᠤᠨ ᠠᠩᠭᠢ ᠴᠤᠭ ᠵᠢᠪᠬᠤᠭ᠎ᠠ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠡᠷᠡᠯᠬᠡᠭᠯᠡᠨ ᠲᠡᠮᠡᠴᠡᠵᠦ᠂ ᠲᠡᠮᠡᠴᠡᠯ ᠤᠨ ᠵᠣᠷᠢᠭ ᠪᠠᠳᠠᠷᠠᠩᠭᠤᠶ ᠪᠠᠶᠢᠵᠤ᠂ ᠨᠠᠩ ᠲᠦᠷᠭᠡᠨ᠂ ᠨᠠᠩ ᠥᠨᠳᠥᠷ᠂ ᠨᠠᠩ ᠬᠦᠴᠦᠷᠬᠡᠭ᠂ ᠨᠠᠩ ᠪᠦᠯᠬᠦᠮᠳᠡᠯ ᠲᠠᠢ ᠤᠷᠤᠯᠳᠤᠭᠠᠨ ᠤ ᠵᠣᠷᠢᠭ ᠰᠠᠨᠠᠭ᠎ᠠ ᠶᠢ ᠭᠦᠶᠴᠡᠳ ᠪᠠᠳᠠᠷᠠᠭᠤᠯᠵᠤ᠂ ᠪᠦᠯᠬᠦᠮᠳᠡᠨ ᠤᠷᠤᠭᠰᠢᠯᠠᠬᠤ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢᠶᠠᠷ ᠬᠦᠴᠦ ᠬᠥᠯᠥᠰᠥ ᠪᠠ ᠲᠡᠮᠡᠴᠡᠯ ᠤᠨ ᠵᠣᠷᠢᠭ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠦ᠂ ᠭᠤᠴᠣ ᠰᠠᠶᠢᠬᠠᠨ ᠦᠵᠡᠯᠴᠡᠭᠡᠨ ᠢ ᠴᠣᠭᠴᠠᠯᠠᠪᠠ  ᠃   ᠥᠨᠳᠥᠷ ᠬᠤᠷᠳᠤᠴᠠ ᠪᠠᠷ ᠪᠥᠮᠪᠦᠭᠡ ᠡᠬᠢᠯᠡᠭᠦᠯᠬᠦ᠂ ᠤᠷᠠᠨ ᠢᠶᠠᠷ ᠪᠥᠮᠪᠦᠭᠡ ᠳᠡᠭᠦᠵᠢᠯᠡᠬᠦ᠂ ᠣᠨᠣᠪᠴᠢᠲᠠᠶ ᠳᠠᠮᠵᠢᠭᠤᠯᠬᠤ᠂ ᠬᠦᠴᠦᠯᠡᠨ ᠬᠥᠮᠥᠷᠢᠨ ᠴᠣᠬᠢᠬᠤ᠂ ᠲᠣᠣᠷ ᠬᠠᠭᠠᠬᠤ ᠵᠡᠷᠭᠡ ᠡᠯ᠎ᠡ ᠵᠦᠢᠯ ᠤᠨ ᠭᠤᠶᠢᠳᠠ ᠰᠠᠶᠢᠬᠠᠨ ᠴᠠᠭ ᠮᠥᠴᠡ ᠨᠢ ᠥᠷᠭᠡᠨ ᠣᠯᠠᠨ ᠦᠵᠡᠭᠴᠢᠳ ᠲᠤ ᠭᠦᠨ ᠰᠠᠭᠤᠭᠳᠠᠯ ᠥᠭᠭᠦᠭᠰᠡᠨ ᠢᠶᠠᠷ ᠪᠠᠷᠠᠬᠤ ᠦᠭᠡᠢ᠂ ᠨᠠᠩ ᠴᠤ ᠲᠤᠰ ᠤᠳᠠᠭᠠᠨ ᠤ ᠤᠷᠤᠯᠳᠤᠭᠤᠨ ᠳᠤ ᠮᠠᠰᠢ ᠣᠯᠠᠨ ᠭᠢᠯᠠᠰ ᠴᠡᠭ ᠨᠡᠮᠡᠭᠰᠡᠨ ᠪᠠᠶᠢᠨ᠎ᠠ᠃ ᠰᠢᠭᠦᠭᠴᠢ ᠶᠢᠨ ᠲᠤᠰᠬᠠᠶ ᠮᠡᠷᠭᠡᠵᠢᠯ ᠨᠢ ᠲᠥᠪ ᠭᠤᠤᠯᠴᠢ᠂ ᠥᠴᠦᠬᠡᠨ ᠴᠦ ᠣᠰᠣᠯᠳᠠᠬᠤ ᠦᠭᠡᠢ︔ ᠬᠥᠭᠵᠢᠭᠡᠨ ᠵᠣᠷᠢᠭᠵᠢᠭᠤᠯᠬᠤ ᠳᠤᠭᠤᠶᠢᠯᠠᠩ ᠪᠦᠬᠦ ᠰᠡᠳᠬᠢᠯ ᠢᠶᠠᠷ ᠢᠶᠠᠨ ᠤᠷᠤᠯᠳᠤᠭᠠᠨ ᠳᠤ ᠣᠷᠣᠯᠴᠠᠵᠤ᠂ ᠴᠢᠷᠮᠠᠢᠭᠠᠷᠠᠢ︔ ᠤᠷᠤᠯᠳᠤᠭᠠᠨ ᠤ ᠲᠠᠯᠠᠪᠤᠷ ᠤᠨ ᠠᠵᠢᠯᠲᠠᠳ ᠪᠥᠮᠪᠥᠭᠡᠨ ᠲᠠᠯᠠᠪᠠᠢ ᠶᠢᠨ ᠬᠤᠭᠤᠷᠣᠨᠳᠣ ᠲᠦᠷᠭᠡᠨ ᠰᠦᠯᠵᠢᠵᠦ᠂ ᠡᠯ᠎ᠡ ᠵᠦᠢᠯ ᠤᠨ ᠠᠵᠢᠯ  ᠢᠶᠠᠨ ᠨᠠᠷᠢᠨ ᠬᠢᠨᠠᠮᠠᠭᠠᠢ ᠵᠣᠬᠢᠴᠠᠭᠤᠯᠵᠤ᠂ ᠤᠯᠠᠨ ᠢᠶᠠᠷ ᠢᠶᠠᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠦᠯᠬᠦᠮᠳᠡᠨ ᠬᠠᠮᠵᠢᠯᠴᠠᠵᠤ ᠪᠠᠶᠢᠭᠠᠳ ᠤᠷᠤᠯᠳᠤᠭᠠᠨ ᠢ ᠨᠡᠩ ᠭᠤᠶᠢᠳᠠ ᠰᠠᠶᠢᠬᠠᠨ ᠪᠣᠯᠭᠠᠵᠠᠢ᠃    ᠲᠤᠰ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠪᠦᠬᠦ ᠰᠢᠶᠠᠨ ᠤ ᠺᠠᠳ᠋ᠷ ᠠᠵᠢᠯᠲᠠᠨ ᠳᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ᠂ ᠵᠣᠷᠢᠭ ᠰᠠᠨᠠᠭ᠎ᠠ ᠪᠠᠨ ᠬᠠᠲᠠᠭᠤᠵᠢᠭᠤᠯᠬᠤ ᠲᠠᠪᠴᠠᠩ ᠢ ᠪᠠᠶᠢᠭᠤᠯᠵᠤ᠂ ᠥᠷᠢᠰᠥᠯᠳᠦᠭᠡᠨ ᠤ ᠤᠬᠠᠮᠰᠠᠷ ᠪᠠ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠳᠡᠭᠡᠭᠰᠢᠯᠡᠭᠦᠯᠪᠡ᠃ ᠪᠦᠬᠦ ᠺᠠᠳ᠋ᠷ ᠠᠵᠢᠯᠳᠠᠨ ᠠᠵᠢᠯᠴᠢᠨ ᠨᠡᠩ ᠣᠷᠭᠢᠯᠤᠮ᠎ᠠ ᠬᠠᠯᠠᠭᠤᠨ ᠠᠵᠢᠯ ᠤᠨ ᠤᠷᠮ᠎ᠠ ᠪᠠ ᠨᠡᠩ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ ᠢᠶᠠᠷ ᠵᠣᠷᠢᠭᠲᠠᠢ ᠪᠠᠷ ᠲᠡᠷᠢᠭᠦᠨ ᠤ ᠬᠢ ᠶᠢ ᠡᠭᠦᠳᠴᠦ᠂ ᠲᠡᠷᠢᠭᠦᠨ ᠳᠤ ᠣᠷᠣᠬᠤ  ᠪᠠᠷ ᠴᠢᠷᠮᠠᠶᠢᠵᠤ᠂ ᠲᠦᠴᠢᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号