ᠲᠦᠴᠢᠦᠸᠠᠨ ᠪᠠᠯᠭᠠᠰᠤ᠄ ᠪᠣᠯᠪᠠᠰᠤᠷᠠᠯ ᠢᠶᠠᠷ ᠰᠡᠷᠭᠡᠶᠢᠯᠡᠯᠲᠡ ᠶᠢ ᠠᠬᠢᠭᠤᠯᠤᠨ ᠰᠢᠯᠢᠳᠡᠭ ᠴᠡᠷᠢᠭ ᠪᠠᠶᠢᠭᠤᠯᠵᠦ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ ᠠᠮᠤᠷ ᠠᠮᠤᠭᠤᠯᠠᠩ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/7/20
   ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ  ᠶᠢᠨ ᠪᠠᠶᠢᠭᠤᠯᠤᠯᠲᠠ ᠶᠢ ᠠᠬᠢᠭᠤᠯᠵᠤ᠂ ᠬᠠᠷᠢᠶ᠎ᠠ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠵᠢᠴᠢ ᠥᠷᠭᠡᠨ ᠣᠯᠠᠨ ᠺᠠᠳ᠋ᠷ ᠣᠯᠠᠨ ᠲᠦᠮᠡᠨ ᠤ ᠭᠡᠨᠡᠳᠲᠡ ᠶᠢᠨ ᠬᠡᠷᠡᠭ ᠪᠣᠯᠤᠨ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠦᠴᠢᠦᠸᠠᠨ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠨ ᠰᠣᠷᠢᠯᠲᠠ ᠳᠤ ᠣᠷᠣᠯᠴᠠᠭᠤᠯᠵᠤ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠵᠠᠶᠢᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃
   ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠲᠦᠴᠢᠦᠸᠠᠨ ᠪᠠᠯᠭᠠᠰᠤ ᠦᠶᠡᠷ ᠢ ᠰᠡᠷᠭᠡᠶᠢᠯᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ 42 ᠪᠠᠶᠢᠭᠤᠯᠵᠤ᠂ ᠡᠯ᠎ᠡ ᠲᠥᠷᠥᠯ ᠤᠨ ᠦᠶᠡᠷ ᠢ ᠰᠡᠷᠭᠡᠶᠢᠯᠡᠬᠦ ᠡᠳ᠋ ᠪᠣᠳᠠᠰ ᠢ ᠢᠳᠡᠪᠬᠢᠲᠡᠶ ᠨᠥᠭᠡᠴᠡᠯᠡᠪᠡ᠃ ᠣᠳᠣᠬᠠᠨ ᠳᠤ ᠠᠪᠤᠷᠠᠯᠳᠠ ᠶᠢᠨ ᠬᠤᠪᠴᠠᠰᠤ 30᠂ ᠠᠪᠤᠷᠠᠯᠳᠠ ᠶᠢᠨ ᠴᠠᠭᠠᠷᠢᠭ 30᠂ ᠦᠶᠡᠷ ᠢ ᠰᠡᠷᠭᠡᠶᠢᠯᠡᠬᠦ ᠨᠡᠬᠡᠮᠡᠯ ᠤᠨ ᠤᠭᠤᠲᠠ 5000᠂ ᠤᠰᠤᠨ ᠬᠥᠭᠡᠷᠭᠡ 4᠂ ᠮᠣᠳᠣᠨ ᠪᠠᠭᠠᠨ᠎ᠠ 100᠂ ᠪᠣᠷᠣᠭᠠᠨ ᠤ ᠴᠤᠪᠠ 30᠂ ᠭᠠᠷ ᠳ᠋ᠧᠩ 20᠂ ᠶᠠᠷᠢᠯᠴᠠᠭᠤᠷ 10 ᠪᠠᠶᠢᠨ᠎ᠠ᠃ ᠴᠠᠭ ᠠᠭᠤᠷ᠂ ᠤᠰᠤᠨ ᠵᠦᠢ ᠵᠡᠷᠭᠡ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠬᠡᠮᠵᠢᠬᠦ ᠪᠠ ᠵᠠᠳᠠᠯᠬᠤ ᠪᠠᠷ ᠳᠠᠮᠵᠢᠭᠤᠯᠤᠨ᠂ ᠰᠡᠷᠡᠮᠵᠢᠯᠡᠭᠦᠯᠬᠦ ᠪᠠ ᠭᠠᠮᠰᠢᠭ ᠲᠤ ᠤᠴᠠᠷᠠᠬᠤ ᠶᠢᠨ ︽ᠰᠢᠵᠢᠷ ᠠᠯᠲᠠᠨ ᠴᠠᠭ ᠤᠨ ᠵᠥᠷᠢᠶ᠎ᠡ︾ ᠶᠢ ᠰᠠᠶᠢᠲᠤᠷ ᠠᠳᠬᠤᠵᠤ᠂ ᠭᠠᠮᠰᠢᠭ ᠭᠠᠷᠬᠤ ᠠᠴᠠ ᠡᠮᠦᠨᠡᠬᠢ ᠰᠡᠷᠡᠮᠵᠢᠯᠡᠭᠦᠯᠬᠦ ᠪᠠ ᠰᠡᠷᠭᠡᠶᠢᠯᠡᠬᠦ ᠠᠵᠢᠯ ᠢ ᠨᠠᠷᠢᠯᠢᠭ ᠪᠣᠳᠠᠲᠠᠶ ᠬᠢᠨ᠎ᠡ
   ︽ᠰᠣᠷᠢᠯᠲᠠ ᠳᠤᠮᠳᠠ ᠰᠢᠯᠢᠳᠡᠭ ᠡᠷᠦᠬᠡ ᠶᠢᠨ ᠴᠡᠷᠢᠭ ᠠᠪᠤᠷᠠᠨ ᠲᠤᠰᠠᠯᠠᠬᠤ ᠤᠷ᠎ᠠ ᠮᠡᠷᠭᠡᠵᠢᠯ ᠳᠡᠭᠡᠨ ᠴᠠᠭᠠᠷᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠪᠡ᠂ ᠪᠢᠳᠡ ᠦᠶᠡᠷ ᠢ ᠰᠡᠷᠭᠡᠶᠢᠯᠡᠬᠦ ᠪᠡᠯᠡᠳᠬᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃︾ ᠭᠡᠵᠦ ᠲᠦᠴᠢᠦᠸᠠᠨ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠸᠠᠩ ᠰᠢᠤᠸᠠᠢ ᠰᠥᠩ ᠬᠡᠯᠡᠪᠡ᠃ ᠲᠦᠴᠢᠦᠸᠠᠨ ᠪᠠᠯᠭᠠᠰᠤᠨ ᠤ ᠰᠣᠷᠢᠯᠲᠠ ᠳᠤ ᠣᠷᠣᠯᠴᠠᠭᠰᠠᠨ ᠡᠷᠦᠬᠡ ᠶᠢᠨ ᠴᠡᠷᠢᠭ ᠤᠷᠢᠳᠴᠢᠯᠠᠨ ᠠᠵᠢᠯ ᠢᠶᠠᠨ ᠬᠤᠪᠢᠶᠠᠷᠢᠯᠠᠵᠤ᠂ ᠰᠢᠯᠵᠢᠭᠦᠯᠦᠨ ᠠᠶᠤᠯ ᠠᠴᠠ ᠵᠠᠶᠢᠯᠠᠭᠤᠯᠬᠤ᠂ ᠬᠥᠮᠦᠰ ᠢ ᠠᠪᠤᠷᠠᠨ ᠲᠤᠰᠠᠯᠠᠬᠤ᠂ ᠠᠪᠤᠷᠠᠨ ᠲᠤᠰᠠᠯᠠᠬᠤ ᠠᠵᠢᠯᠯᠠᠭ᠎ᠠ᠂ ᠰᠡᠲᠡᠷᠬᠡᠢ ᠠᠮᠠ ᠶᠢ ᠪᠥᠭᠯᠡᠬᠦ ᠵᠡᠷᠭᠡ ᠡᠯ᠎ᠡ ᠵᠦᠶᠯ ᠤᠨ ᠬᠢᠴᠢᠶᠡᠯ ᠲᠥᠷᠥᠯ ᠢ ᠪᠠᠴᠢᠮ ᠪᠥᠭᠡᠳ ᠡᠮᠬᠢ ᠵᠢᠷᠤᠮ ᠲᠠᠢ ᠥᠷᠨᠢᠭᠦᠯᠪᠡ᠃ ᠪᠦᠬᠦᠶᠢᠯᠡ ᠶᠠᠪᠤᠴᠠ ᠳᠤ᠂ ᠰᠢᠨᠵᠢᠯᠡᠬᠦ ᠤᠬᠠᠭᠠᠨ ᠢ ᠲᠥᠯᠥᠪᠵᠢᠭᠦᠯᠵᠦ᠂ ᠵᠣᠬᠢᠰᠲᠠᠢ ᠵᠢᠯᠣᠭᠤᠳᠴᠤ᠂ ᠠᠵᠢᠯ ᠤᠨ ᠬᠤᠪᠢᠶᠠᠷᠢᠯᠠᠯ ᠲᠣᠳᠣᠷᠬᠠᠢ᠂ ᠰᠡᠳᠬᠢᠯ ᠨᠢᠭᠡᠳᠦᠨ ᠬᠠᠮᠵᠢᠯᠴᠠᠵᠤ᠂ ᠤᠷᠢᠳᠴᠢᠯᠠᠨ ᠲᠣᠭᠲᠠᠭᠠᠭᠰᠠᠨ ᠪᠤᠢ ᠪᠦᠬᠦᠢ ᠰᠣᠷᠢᠯᠲᠠ ᠶᠢᠨ ᠲᠦᠷᠦᠯ ᠵᠦᠢᠯ ᠢ ᠠᠮᠵᠢᠯᠲᠠ ᠲᠠᠢ ᠪᠡᠶᠡᠯᠡᠭᠦᠯᠵᠦ᠂ ᠰᠠᠶᠢᠨ ᠦᠷ᠎ᠡ ᠪᠦᠲᠦᠮᠵᠢ ᠣᠯᠵᠤ᠂ ᠵᠢᠱᠢᠭᠰᠡᠨ ᠬᠠᠷᠠᠯᠲᠠ ᠳᠠᠭᠠᠨ ᠬᠦᠷᠪᠡ᠃
   ᠲᠦᠴᠢᠦᠸᠠᠨ ᠪᠠᠯᠭᠠᠰᠤ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠦᠨᠡᠨ ᠬᠦ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠬᠦᠴᠦᠨ ᠢᠶᠠᠨ ᠴᠢᠩᠭᠠᠳᠬᠠᠵᠤ᠂ ᠵᠢᠵᠢᠭᠦᠷᠯᠡᠨ ᠰᠠᠬᠢᠬᠤ ᠰᠠᠬᠢᠯᠭ᠎ᠠ ᠪᠠᠲᠤ ᠪᠠ ᠬᠠᠮᠢᠶ᠎ᠠ ᠪᠥᠬᠦᠶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠭᠠᠯ ᠢ ᠴᠢᠩᠳᠠᠯᠠᠵᠤ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠂ ᠢᠯᠠᠩᠭᠤᠶ᠎ᠠ ᠭᠡᠨᠡᠳᠲᠡ ᠶᠢᠨ ᠠᠶᠤᠯᠲᠤ ᠪᠠᠶᠢᠳᠠᠯ᠂ ᠭᠠᠮᠰᠢᠭ ᠤᠨ ᠪᠠᠶᠢᠳᠠᠯ ᠳᠤ ᠲᠣᠬᠢᠶᠠᠯᠳᠤᠪᠠᠯ᠂ ᠲᠡᠷᠡ ᠳᠠᠷᠤᠶ ᠳᠤᠨᠢ ᠳᠡᠭᠡᠭᠰᠢ ᠮᠡᠳᠡᠭᠦᠯᠬᠦ᠂ ᠲᠡᠷᠡ ᠳᠠᠷᠤᠶ ᠳᠤᠨᠢ ᠰᠢᠶᠳᠪᠦᠷᠢᠯᠡᠬᠦ ᠶᠢ ᠡᠷᠡᠰ ᠪᠠᠲᠤᠯᠠᠵᠤ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃    ᠵᠠᠯᠭᠠᠭᠠᠳ᠂ ᠲᠦᠴᠢᠦᠸᠠᠨ ᠪᠠᠯᠭᠠᠰᠤ ᠥᠩᠭᠡᠷᠡᠭᠰᠡᠨ ᠲᠠᠢ ᠪᠠᠨ ᠠᠳᠠᠯᠢ ᠪᠠᠷ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠶᠡᠭᠡ ᠲᠥᠯᠥᠪ ᠰᠡᠳᠬᠢᠬᠦᠶ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠵᠤ᠂ ᠪᠥᠬᠦ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号