ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/7/20
   7 ᠰᠠᠷ᠎ᠠ ᠶᠢᠨ 17 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ  ᠤᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠳᠤ ᠲᠤᠰᠬᠠᠶ ᠪᠠᠶᠢᠴᠠᠭᠠᠯᠲᠠ ᠬᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠧ ᠪᠢᠨ ᠬᠤᠷᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠵᠢᠶᠠᠨ ᠭᠦᠸᠧ ᠵᠢᠴᠢ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃    ᠬᠤᠷᠠᠯ ᠠᠴᠠ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠤᠮᠳᠠ᠂ ᠲᠤᠰᠬᠠᠢ ᠴᠠᠭᠳᠠᠨ ᠪᠠᠶᠢᠴᠠᠭᠠᠬᠤ ᠳᠤᠭᠤᠶᠢᠯᠠᠩ ᠤᠨ ᠡᠯ᠎ᠡ ᠠᠵᠢᠯ ᠤᠨ ᠳᠤᠭᠤᠶᠢᠯᠠᠩ ᠨᠢ ᠤᠯᠤᠰ ᠲᠦᠷᠦ ᠶᠢᠨ ᠴᠠᠭᠳᠠᠨ ᠪᠠᠶᠢᠴᠠᠭᠠᠬᠤ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠤ ᠬᠠᠮᠲᠤ  ᠶᠢᠨ ︽ᠪᠡᠯᠡ ᠮᠥᠩᠭᠦ ᠡᠳ᠋ ᠬᠦᠷᠦᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠣᠭᠤᠷᠢᠨ ᠳᠤ ᠠᠰᠠᠭᠤᠳᠠᠯ ᠢ ᠵᠣᠷᠢᠭᠲᠠᠢ ᠪᠠᠷ ᠰᠢᠭᠤᠳ ᠦᠵᠡᠵᠦ᠂ ᠠᠰᠠᠭᠤᠳᠠᠯ ᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠵᠤ᠂ ᠴᠠᠭᠳᠠᠨ ᠪᠠᠶᠢᠴᠠᠭᠠᠬᠤ ᠤᠯᠤᠰ ᠲᠦᠷᠦ ᠶᠢᠨ ᠬᠢᠨᠠᠯᠲᠠ ᠲᠠᠯᠪᠢᠬᠤ ︽ᠮᠢᠺᠷᠣᠰᠺᠣᠫ︾ ᠪᠠ ︽ᠬᠠᠶᠢᠭᠤᠯ ᠳ᠋ᠧᠩ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠴᠠᠭᠳᠠᠨ ᠪᠠᠶᠢᠴᠠᠭᠠᠬᠤ ᠬᠢᠨᠠᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠪᠦᠬᠦ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ︽ᠪᠡᠯᠡ ᠮᠥᠩᠭᠦ ᠡᠳ᠋ ᠬᠦᠷᠦᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢ ᠴᠢᠩᠭᠠᠳᠬᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃    ᠬᠤᠷᠠᠯ ᠠᠴᠠ᠂ ᠴᠠᠭᠳᠠᠨ ᠪᠠᠶᠢᠴᠠᠭᠠᠬᠤ ᠠᠵᠢᠯ ᠪᠣᠯᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠴᠢᠩᠭ᠎ᠠ ᠬᠦᠴᠦᠲᠡᠢ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠨᠢᠭᠡ ᠳᠤ ᠲᠣᠪᠣᠶᠢᠮ᠎ᠠ ᠠᠰᠠᠭᠤᠳᠠᠯ ᠢ ᠠᠳᠬᠤᠵᠤ ᠵᠠᠩᠭᠢᠯᠠᠭ᠎ᠠ ᠶᠢ ᠠᠳᠬᠤᠬᠤ ᠬᠡᠷᠡᠭᠲᠡᠶ᠃ ᠲᠤᠰ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠳᠠᠷᠠᠭᠠᠴᠢ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠴᠠᠭᠳᠠᠨ ᠪᠠᠶᠢᠴᠠᠭᠠᠭᠰᠠᠨ ᠮᠡᠳᠡᠭᠦᠯᠦᠯᠲᠡ ᠶᠢ ᠤᠯᠠᠮ ᠴᠢᠨᠠᠭᠰᠢᠳᠠ ᠵᠠᠰᠠᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠰᠢᠯᠢᠳᠡᠭᠵᠢᠭᠦᠯᠦᠨ᠂ ᠣᠨᠣᠴᠠᠲᠠᠢ ᠪᠠᠷ ᠲᠦᠷᠦᠯ ᠬᠤᠪᠢᠶᠠᠨ ᠬᠤᠪᠢᠶᠠᠨ ᠰᠢᠢᠳᠪᠦᠷᠢᠯᠡᠵᠦ᠂ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠬᠡᠷᠡᠭᠯᠡᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠱᠦᠵᠢ ᠶᠢᠨ ᠲᠤᠰᠬᠠᠶ ᠰᠡᠳᠦᠪᠲᠦ ᠬᠤᠷᠠᠯ ᠳᠤ ᠡᠯ᠎ᠡ ᠵᠦᠶᠯ ᠤᠨ ᠪᠡᠯᠡᠳᠬᠡᠯ ᠠᠵᠢᠯ ᠢ ᠵᠡᠷᠭᠡ ᠪᠠᠷ ᠰᠠᠶᠢᠲᠤᠷ ᠬᠢᠬᠦ ᠬᠡᠷᠡᠭᠲᠡᠶ᠃ ᠬᠤᠶᠠᠷ ᠲᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠶ᠃ ᠴᠠᠭᠳᠠᠨ ᠪᠠᠶᠢᠴᠠᠭᠠᠬᠤ ᠳᠤᠭᠤᠶᠢᠯᠠᠩ ᠴᠠᠭᠳᠠᠨ ᠪᠠᠶᠢᠴᠠᠭᠠᠭᠳᠠᠵᠤ ᠪᠠᠶᠢᠭ᠎ᠠ ᠰᠢᠶᠠᠩ ᠪᠠᠯᠭᠠᠰᠤ᠂ ᠲᠣᠰᠬᠤᠨ ᠳᠤ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠬᠠᠷᠢᠭᠤ ᠲᠤᠰᠬᠠᠵᠤ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠨᠠᠷᠢᠨ ᠬᠢᠨᠠᠮᠠᠭᠠᠶ ᠡᠮᠬᠢᠯᠡᠵᠦ᠂ ᠨᠡᠶᠢᠲᠡᠯᠢᠭ ᠴᠢᠨᠠᠷᠲᠠᠶ ᠠᠰᠠᠭᠤᠳᠠᠯ  ᠢ ᠬᠠᠮᠢᠶ᠎ᠠ ᠪᠥᠬᠦᠶ ᠡᠭᠦᠷᠭᠡ ᠴᠢᠳᠠᠪᠬᠢᠳᠤ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢᠨ ᠪᠢᠴᠢᠭ ᠪᠠᠭᠤᠯᠭᠠᠵᠤ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠥᠷᠨᠢᠭᠦᠯᠬᠦ ᠬᠡᠷᠡᠭᠲᠡᠶ᠃ ᠭᠤᠷᠪᠠ ᠳᠤ ᠦᠷ᠎ᠡ ᠪᠦᠲᠦᠭᠡᠯ ᠢ ᠠᠰᠢᠭᠯᠠᠨ ᠦᠷ᠎ᠡ ᠪᠦᠲᠦᠮᠵᠢ ᠶᠢ ᠠᠳᠬᠤᠬᠤ ᠬᠡᠷᠡᠭᠲᠡᠢ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠪᠣᠳᠠᠲᠠᠶ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠢᠯᠡᠷᠬᠡᠶ ᠪᠤᠰᠤ ᠪᠠᠶᠢᠪᠠᠯ ᠪᠣᠯᠵᠣᠨ ᠶᠠᠷᠢᠯᠴᠠᠵᠤ ᠰᠢᠮᠳᠠᠭᠤᠯᠤᠨ᠂ ᠴᠡᠭᠴᠡᠯᠡᠨ ᠰᠠᠶᠢᠵᠢᠷᠠᠭᠤᠯᠬᠤ ᠥᠬᠡᠶ ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠦᠶᠯᠡ ᠠᠵᠢᠯᠯᠠᠭ᠎ᠠ ᠳᠤ ᠰᠠᠬᠢᠯᠭ᠎ᠠ ᠪᠠᠲᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠨᠢᠭᠡᠳᠦᠯᠲᠡᠢ ᠲᠥᠯᠥᠪᠵᠢᠭᠦᠯᠦᠨ ᠬᠦᠴᠦᠨ ᠢᠶᠠᠨ ᠤᠷᠢᠳᠠᠪᠠᠷ ᠰᠢᠢᠳᠪᠦᠷᠢᠯᠡᠵᠦ᠂ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠵᠢᠷᠤᠮᠵᠢᠯ ᠢ ᠠᠳᠬᠤᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠡᠮᠬᠢᠯᠡᠨ ᠳᠢᠭᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠥᠬᠡᠶ ᠠᠰᠠᠭᠤᠳᠠᠯ ᠢ ᠰᠤᠳᠤᠯᠤᠨ ᠮᠠᠭᠠᠳᠯᠠᠬᠤ  ᠪᠠᠨ ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠴᠠᠭᠳᠠᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃    ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠳᠤ ᠲᠤᠰᠬᠠᠢ ᠪᠠᠶᠢᠴᠠᠭᠠᠯᠲᠠ ᠬᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠳᠠᠷᠠᠭᠠᠴᠢ ᠶᠢᠨ ᠱᠠᠲᠤᠨ ᠤ ᠴᠠᠭᠳᠠᠨ ᠪᠠᠶᠢᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ᠂ ᠴᠠᠭᠳᠠᠨ ᠪᠠᠶᠢᠴᠠᠭᠠᠯᠲᠠ  ᠳᠤ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠰᠤᠳᠤᠯᠤᠨ ᠮᠠᠭᠠᠳᠯᠠᠪᠠ᠃    ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠬᠤᠷᠠᠯ ᠳᠤ ᠣᠷᠣᠯᠴᠠᠵᠤ᠂ ᠴᠠᠭᠳᠠᠨ ᠪᠠᠶᠢᠴᠠᠭᠠᠬᠤ ᠠᠯᠪᠠᠨ ᠬᠡᠷ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠥᠬᠦᠶ ᠬᠥᠮᠦᠰ ᠬᠤᠷᠠᠯ  ᠳᠤ ᠰᠤᠯᠠ ᠣᠷᠣᠯᠴᠠᠵᠠᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号