ᠴᠢᠨᠦ ︽ᠪᠡᠶ᠎ᠡ ᠶᠢᠨ ᠬᠦᠨᠳᠦ ᠶᠢᠨ ᠡᠮᠴᠢ︾ ᠨᠢᠭᠡᠨᠲᠡ ᠰᠦᠯᠵᠢᠶᠡᠨ ᠳᠤ ᠭᠠᠷᠪᠠ︕ ᠣᠯᠠᠨ ᠡᠮᠨᠡᠯᠭᠡ ᠶᠢᠨ ᠬᠤᠷᠢᠶ᠎ᠠ ᠮᠠᠷᠢᠶ᠎ᠠ ᠰᠢᠭᠤᠷᠠᠭᠤᠯᠬᠤ ᠡᠭᠦᠳᠡᠨ ᠡᠮᠨᠡᠯᠭᠡ ᠨᠡᠭᠡᠭᠡᠵᠠᠢ
ᠨᠡᠶᠢᠲᠡᠯᠡᠭᠰᠡᠨ ᠴᠠᠭ᠄
2024/7/20
  ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ 18 ᠨᠠᠰᠤ ᠵᠢᠴᠢ 18 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠮᠠᠷᠢᠶᠠᠯᠠᠬᠤ ᠨᠣᠷᠮ᠎ᠠ 16.4 % ᠳᠤ ᠬᠦᠷᠴᠦ ᠪᠠᠶᠢᠬᠤ ᠪᠦᠭᠡᠳ ᠵᠢᠱᠢᠯᠲᠡ ᠪᠠᠷ 2030 ᠣᠨ ᠪᠣᠯᠬᠤ ᠳᠤ᠂ ᠨᠠᠰᠤᠨ ᠳᠤ ᠬᠦᠷᠦᠭᠰᠡᠳ ᠤᠨ ᠬᠡᠲᠦ ᠮᠠᠷᠢᠶᠠᠯᠠᠬᠤ ᠨᠣᠷᠮ᠎ᠠ ᠨᠢ 65.3% ᠳᠤ ᠬᠦᠷᠬᠦ ᠪᠤᠯᠤᠨ᠎ᠠ᠂ ᠮᠠᠷᠢᠶᠠᠯᠠᠬᠤ ᠠᠰᠠᠭᠤᠳᠠᠯ ᠨᠢ ᠨᠢᠭᠡᠨᠲᠡ ᠣᠲᠣ ᠦᠶ᠎ᠡ ᠶᠢᠨ ᠨᠡᠶᠢᠭᠡᠮ ᠤᠨ ᠬᠦᠨᠳᠦ ᠬᠡᠴᠡᠭᠦᠦ ᠡᠷᠡᠭᠦᠯ ᠮᠡᠨᠳᠦ ᠶᠢᠨ ᠳᠠᠯᠳᠠ ᠬᠡᠮ ᠪᠣᠯᠵᠣ᠂ ᠤᠯᠠᠮ ᠠᠴᠠ ᠤᠯᠠᠮ ᠣᠯᠠᠨ ᠡᠮᠨᠡᠯᠭᠡ ᠶᠢᠨ ᠬᠤᠷᠢᠶ᠎ᠠ ᠮᠠᠷᠢᠶ᠎ᠠ ᠰᠢᠭᠤᠷᠠᠭᠤᠯᠬᠤ ᠡᠭᠦᠳᠡᠨ ᠡᠮᠨᠡᠯᠭᠡ ᠨᠡᠭᠡᠭᠡᠭᠰᠡᠨ ᠪᠠᠶᠢᠨ᠎ᠠ    ᠶᠠᠮᠠᠷ ᠬᠥᠮᠦᠰ ᠮᠠᠷᠢᠶ᠎ᠠ ᠰᠢᠭᠤᠷᠠᠭᠤᠯᠬᠤ ᠡᠮᠨᠡᠯᠭᠡ ᠳᠤ ᠦᠵᠡᠬᠦᠯᠬᠦ ᠴᠢᠬᠤᠯᠠ ᠲᠠᠢ ᠪᠣᠶ︖ ︽ᠮᠠᠷᠢᠶ᠎ᠠ︾  ᠶᠢ ᠮᠠᠭᠠᠳᠯᠠᠬᠤ ᠣᠨᠴᠠᠭᠠᠢ ᠪᠠᠷᠢᠮᠵᠢᠶ᠎ᠠ ᠭᠡᠵᠦ ᠪᠠᠶᠢᠨ᠎ᠠ ᠤᠤ ᠦᠭᠡᠢ ᠤᠤ︖    ᠰᠤᠷᠪᠤᠯᠵᠢᠯᠠᠭᠴᠢ ᠠᠯᠪᠠᠨ ᠲᠠᠯ᠎ᠠ ᠶᠢᠨ ᠳ᠋ᠤᠭᠠᠷᠯᠠᠬᠤ ᠲᠠᠪᠴᠠᠩ ᠪᠠ ᠡᠯ᠎ᠡ ᠲᠣᠮᠣ ᠡᠮᠨᠡᠯᠭᠡ ᠶᠢᠨ ᠬᠤᠷᠢᠶᠠᠨ ᠤ ᠠᠯᠪᠠᠨ ᠰᠦᠯᠵᠢᠶ᠎ᠡ ᠪᠠᠷ ᠳᠡᠮᠵᠢᠨ ᠣᠯᠵᠤ ᠮᠡᠳᠡᠭᠰᠡᠨ ᠨᠢ᠂ ᠵᠥᠪᠬᠡᠨ ᠪᠡᠭᠡᠵᠢᠩ ᠬᠤᠲᠠ ᠳᠤ ᠠᠷᠪᠠ ᠭᠠᠷᠤᠶ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠮᠠᠷᠢᠶ᠎ᠠ ᠰᠢᠭᠤᠷᠠᠭᠤᠯᠬᠤ ᠡᠭᠦᠳᠡᠨ ᠡᠮᠨᠡᠯᠭᠡ᠂ ᠮᠠᠷᠢᠶ᠎ᠠ ᠰᠢᠭᠤᠷᠠᠭᠤᠯᠬᠤ ᠲᠥᠪ ᠭᠠᠷᠭᠠᠭᠰᠠᠨ ᠪᠤᠶᠤ ᠬᠦᠨᠳᠦ ᠶᠢ ᠪᠠᠭᠤᠷᠠᠭᠤᠯᠬᠤ ᠣᠯᠠᠨ ᠰᠢᠨᠵᠢᠯᠡᠭᠡᠨ ᠤ ᠰᠠᠯᠠᠭ᠎ᠠ ᠶᠢᠨ ᠬᠢᠨ  ᠤ ᠬᠠᠮᠲᠤᠷᠠᠨ ᠣᠨᠣᠰᠢᠯᠠᠬᠤ ᠪᠦᠯᠬᠦᠮ ᠪᠠᠶᠢᠭᠤᠯᠤᠭᠰᠠᠨ ᠪᠠᠶᠢᠨ᠎ᠠ᠃ ᠡᠲᠡᠭᠡᠷ ᠡᠭᠦᠳᠡᠨ ᠡᠮᠨᠡᠯᠭᠡ ᠳᠤ ᠰᠢᠮ᠎ᠡ ᠲᠡᠵᠢᠭᠡᠯ ᠤᠨ ᠰᠠᠯᠠᠭ᠎ᠠ᠂ ᠳᠣᠲᠣᠭᠠᠳᠤ ᠱᠦᠭᠦᠷᠡᠯ ᠤᠨ ᠰᠠᠯᠠᠭ᠎ᠠ ᠪᠠᠶᠢᠬᠤ ᠪᠠᠷ ᠪᠠᠷᠠᠬᠤ ᠥᠬᠡᠶ᠂ ᠪᠠᠰᠠ ᠬᠢᠲᠠᠳ ᠡᠮᠨᠡᠯᠭᠡ ᠶᠢᠨ ᠰᠠᠯᠠᠭ᠎ᠠ᠂ ᠡᠩ ᠤᠨ ᠭᠠᠳᠠᠷ ᠰᠠᠯᠠᠭ᠎ᠠ᠂ ᠴᠢᠬᠢ ᠬᠠᠮᠠᠷ ᠬᠤᠭᠤᠯᠠᠶ ᠶᠢᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭ᠎ᠠ ᠵᠡᠷᠭᠡ ᠣᠯᠠᠨ ᠰᠠᠯᠠᠭ᠎ᠠ ᠲᠠᠰᠤᠭ ᠢ ᠡᠮᠬᠢᠯᠡᠨ ᠨᠡᠶᠢᠯᠡᠭᠦᠯᠵᠦ᠂ ᠮᠠᠷᠢᠶᠠᠯᠠᠬᠤ ᠬᠡᠮ  ᠲᠠᠢ ᠡᠪᠡᠳᠴᠢᠲᠡᠨ ᠳᠤ ︽ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ︾ ᠬᠠᠩᠭᠠᠵᠦ ᠪᠠᠶᠢᠨ᠎ᠠ᠃    ᠮᠠᠷᠢᠶ᠎ᠠ ᠰᠢᠭᠤᠷᠠᠭᠤᠯᠬᠤ ᠡᠭᠦᠳᠡᠨ ᠡᠮᠨᠡᠯᠭᠡ ᠪᠣᠯ ᠭᠤᠤᠯᠳᠠᠭᠤ ᠠᠨᠠᠭᠠᠬᠤ ᠤᠬᠠᠭᠠᠨ ᠤ ᠬᠡᠪᠴᠢᠶᠡᠨ ᠤ ᠮᠠᠷᠢᠶ᠎ᠠ  ᠶᠢᠨ ᠪᠠᠷᠢᠮᠵᠢᠶ᠎ᠠ ︵ᠪᠡᠶ᠎ᠡ ᠶᠢᠨ ᠶᠠᠰᠤ ᠴᠢᠨᠠᠷ ᠤᠨ ᠵᠢᠭᠠᠯᠲᠠ ᠲᠤᠭ᠎ᠠ ᠨᠢ 28 ᠠᠴᠠ ᠳᠠᠪᠠᠭᠰᠠᠨ︶ ᠳᠤ ᠦᠯᠦ ᠬᠦᠷᠴᠦ ᠳᠡᠶᠢᠯᠬᠦ᠂ ᠮᠠᠷᠢᠶᠠᠯᠠᠬᠤ ᠡᠪᠡᠳᠴᠢᠨ ᠤ ᠰᠢᠯᠲᠠᠭᠠᠨ ᠢᠶᠠᠷ ᠵᠣᠷ ᠪᠢᠴᠢᠭᠦᠯᠵᠦ ᠴᠢᠳᠠᠬᠤ ᠥᠬᠡᠶ ᠮᠠᠷᠢᠶᠠᠲᠠᠶ ᠬᠥᠮᠦᠰ ᠲᠤ ᠠᠨᠠᠭᠠᠬᠤ ᠤᠬᠠᠭᠠᠨ ᠤ ᠡᠮᠴᠢᠯᠡᠭᠡ ᠬᠢᠵᠦ ᠪᠤᠢ᠃ ᠡᠮᠴᠢᠯᠡᠭᠡ ᠨᠢ ᠬᠥᠮᠦᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ᠂ ᠥᠪᠡᠷᠮᠢᠴᠡ ᠴᠢᠨᠠᠷᠲᠠᠶ ᠪᠠᠷ ᠮᠠᠷᠢᠶ᠎ᠠ ᠰᠢᠭᠤᠷᠠᠭᠤᠯᠬᠤ ᠲᠥᠰᠦᠯ ᠬᠠᠩᠭᠠᠵᠤ ᠪᠤᠢ᠂ ᠡᠮᠨᠡᠨ ᠵᠠᠰᠠᠬᠤ ᠲᠥᠰᠦᠯ ᠢ ᠡᠷᠬᠡᠪᠰᠢ ᠬᠥᠮᠦᠨ ᠪᠦᠷᠢ ᠳᠤ ᠲᠣᠬᠢᠷᠠᠭᠤᠯᠵᠤ ᠠᠳᠠᠯᠢ ᠪᠤᠰᠤ ᠪᠠᠷ ᠬᠡᠷᠡᠭᠵᠢᠭᠦᠯᠵᠦ᠂ ᠵᠠᠪᠠᠯ ᠲᠣᠬᠢᠷᠠᠬᠤ ᠴᠢᠨᠠᠷ ᠲᠠᠢ ᠡᠮᠴᠢᠯᠡᠭᠡ ᠬᠢᠬᠦ ᠬᠡᠷᠡᠭᠲᠡᠶ ᠪᠠᠶᠢᠳᠠᠭ᠃ ᠣᠯᠠᠩᠬᠢ ᠪᠡᠶ᠎ᠡ ᠶᠢᠨ ᠬᠦᠨᠳᠦ ᠪᠠᠷ ᠡᠷᠡᠭᠦᠯ ᠬᠥᠮᠦᠨ ᠳᠤ ᠠᠪᠴᠤ ᠬᠡᠯᠡᠪᠡᠯ᠂ ᠡᠳᠦᠷ ᠲᠤᠲᠤᠮ ᠤᠨ ᠮᠠᠷᠢᠶ᠎ᠠ ᠰᠢᠭᠤᠷᠠᠭᠤᠯᠬᠤ ᠡᠮᠨᠡᠯᠭᠡ ᠳᠤ ᠣᠴᠢᠬᠤ ᠴᠢᠬᠤᠯᠠ ᠥᠬᠡᠶ᠃ ᠭᠡᠪᠡᠴᠦ ᠮᠠᠷᠢᠶ᠎ᠠ ᠰᠢᠭᠤᠷᠠᠭᠤᠯᠬᠤ ᠶᠠᠪᠤᠴᠠ ᠳᠤ ᠴᠥᠭᠡᠨ ᠪᠤᠰᠤ ᠬᠥᠮᠦᠨ ᠨᠢ ︽ᠮᠠᠷᠢᠶ᠎ᠠ ᠰᠢᠭᠤᠷᠠᠭᠤᠯᠬᠤ ᠲᠤᠲᠤᠮ ᠮᠠᠷᠢᠶᠠᠯᠠᠬᠤ︾ ᠬᠦᠴᠢᠷᠳᠡᠯ ᠳᠤ ᠲᠤᠯᠭᠠᠷᠠᠵᠦ ᠪᠠᠶᠢᠳᠠᠭ᠃ ᠡᠬᠦᠨ ᠤ ᠲᠤᠬᠠᠢ ᠲᠤᠰᠬᠠᠶ ᠮᠡᠷᠭᠡᠵᠢᠯᠲᠡᠨ ᠲᠠᠶᠢᠯᠪᠤᠷᠢᠯᠠᠨ ᠬᠡᠯᠡᠬᠦ ᠳᠡᠭᠡᠨ᠂ ᠮᠠᠷᠢᠶᠠᠯᠠᠬᠤ ᠨᠢ ᠤᠳᠤᠮᠯᠠᠯ ᠤᠨ ᠡᠯᠧᠮᠧᠨ᠋ᠲ ︵30 % — 40 %︶ ᠪᠠ ᠲᠦᠷᠦᠯᠬᠢ ᠪᠤᠰᠤ ᠡᠯᠧᠮᠧᠨ᠋ᠲ ︵60 % — 70 %︶ ᠤᠨ ᠬᠠᠮᠲᠤ ᠶᠢᠨ ᠨᠥᠯᠥᠭᠡᠯᠡᠯ ᠠᠴᠠ ᠪᠤᠯᠤᠬᠰᠠᠨ ᠶᠤᠮ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号