ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/22
   7 ᠰᠠᠷ᠎ᠠ ᠶᠢᠨ 22 ᠤᠨ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠯᠠᠨ ᠰᠢᠶᠠᠨ ᠹᠧᠩ᠂ ᠴᠢᠦᠢ ᠲᠦᠩ ᠨᠢᠶᠠᠨ᠂ ᠯᠢᠶᠠᠩ ᠵᠧᠨ ᠱᠠᠨ ᠵᠢᠴᠢ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠫᠸᠢ ᠬᠤ᠋᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ  ᠃    ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠠᠵᠢᠯᠲᠠᠨ ᠢ ᠲᠤᠰᠢᠶᠠᠯ ᠠᠴᠠ ᠨᠢ ᠪᠠᠭᠤᠯᠭᠠᠪᠠ᠃    ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠭᠡᠷᠡᠴᠢᠯᠡᠯᠲᠡ  ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠦᠨᠵᠡᠭᠡᠢ ᠰᠤᠷᠤᠯᠴᠠᠨ ᠨᠡᠪᠲᠡᠷᠬᠡᠢ ᠡᠵᠡᠮᠰᠢᠵᠦ ᠪᠣᠳᠠᠲᠠᠢ ᠬᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ  ᠨᠢ ᠨᠠᠷᠢᠨ ᠬᠢᠨᠠᠮᠠᠭᠠᠢ ᠰᠤᠷᠤᠯᠴᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠺᠠᠳ᠋ᠷᠴᠤᠳ ᠤᠨ ᠰᠤᠷᠤᠯᠴᠠᠯᠭ᠎ᠠ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠲᠠᠷᠢᠬᠢ ᠲᠣᠯᠣᠭᠠᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ  ᠶᠢ ᠦᠨᠡᠨ ᠬᠦ ᠪᠠᠲᠤᠯᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢ ᠠᠬᠢᠭᠤᠯᠬᠤ ᠳᠤᠮᠳᠠᠬᠢ ᠪᠠᠶᠢᠷᠢ ᠲᠣᠭᠲᠠᠭᠠᠯᠲᠠ ᠪᠠ ᠡᠭᠦᠷᠭᠡ ᠶᠢ ᠣᠨᠣᠪᠴᠢᠲᠠᠶ ᠡᠷᠢᠵᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠳᠤ ᠣᠯᠭᠤᠭᠰᠠᠨ ᠲᠡᠦᠬᠡᠲᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠨᠠᠩ ᠰᠠᠨᠠᠭᠠᠴᠢᠯᠠᠭ᠎ᠠ ᠠᠴᠠ  ᠪᠠᠨ ᠡᠭᠦᠷᠭᠡᠯᠡᠬᠦ᠂ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠨᠠᠩ ᠢᠳᠡᠪᠬᠢᠲᠡᠶ ᠠᠵᠢᠯ ᠬᠢᠵᠦ ᠥᠭᠡᠷᠡᠴᠢᠯᠡᠯᠲᠡ ᠳᠤ ᠣᠷᠣᠯᠴᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号