ᠰᠦᠬᠡ ᠢᠦᠢ ᠵᠢᠢ ᠱᠦᠨ ᠱᠠᠨᠳᠦ᠋ᠩ ᠤᠨ ᠰᠢᠨ᠎ᠡ ᠶᠢ ᠡᠭᠦᠳᠬᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢ ᠰᠢᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/23
   7 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠱᠠᠨᠳᠦ᠋ᠩ ᠤᠨ ᠰᠢᠨ᠎ᠡ ᠶᠢ ᠡᠭᠦᠳᠬᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢ ᠰᠢᠨ ᠨᠡᠷ ᠲᠠᠢ ᠠᠭᠤᠯᠵᠠᠪᠠ᠃    ᠰᠦᠬᠡ ᠼᠦᠢ ᠯᠢ ᠰᠢᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠱᠠᠨᠳᠦ᠋ᠩ ᠤᠨ ᠰᠢᠨ᠎ᠡ ᠶᠢ ᠡᠭᠦᠳᠬᠦ ᠪᠦᠯᠦᠭᠯᠡᠯ ᠤᠨ ᠲᠤᠬᠠᠶᠢᠯᠠᠭᠰᠠᠨ ᠠᠵᠢᠯ ᠥᠷᠭᠡᠨ ᠳᠡᠯᠭᠡᠷ᠂ ᠪᠣᠳᠠᠲᠤ ᠬᠦᠴᠦᠨ ᠢᠶᠠᠷ ᠴᠢᠩᠭ᠎ᠠ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤᠲᠠᠢ᠂ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠴᠠᠬᠢᠭᠤᠷ ᠴᠢᠯᠠᠭᠤ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠪᠤᠬᠢᠷᠳᠦᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠵᠡᠷᠭᠡ ᠲᠠᠯ᠎ᠠ ᠪᠠᠷ ᠭᠦᠨᠵᠡᠭᠡᠢ ᠵᠣᠯᠭᠠᠭᠤᠯᠤᠨ ᠬᠠᠮᠵᠢᠯᠴᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠼᠦᠢ ᠯᠢ ᠰᠢᠨ ᠱᠠᠨᠳᠦ᠋ᠩ ᠤᠨ ᠰᠢᠨ᠎ᠡ ᠶᠢ ᠡᠭᠦᠳᠬᠦ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠭᠤᠯᠭ᠎ᠠ ᠳᠤᠷᠠᠳᠴᠠᠢ᠃ ᠲᠡᠷᠡ᠂ ᠡᠬᠢ ᠪᠠᠶᠠᠯᠢᠭ᠂ ᠠᠵᠤ ᠦᠢᠯᠡᠰ᠂ ᠪᠡᠯᠡ ᠮᠥᠩᠭᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠯᠤᠭ᠎ᠠ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ ᠭᠡᠵᠦ ᠢᠯᠡᠳᠬᠡᠪᠡ᠃ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠯᠢᠶᠠᠩ ᠶᠠᠨ ᠵᠢᠶᠦ᠋ᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号