ᠵᠤᠨ ᠤ ᠤᠯᠠᠷᠢᠯ ᠤᠨ ᠠᠭᠠᠷ ᠤᠨ ᠳᠤᠯᠠᠭᠠᠨ ᠳᠡᠭᠡᠭᠰᠢᠯᠡᠬᠦ ᠪᠠ ᠵᠤᠨ ᠤ ᠠᠮᠠᠷᠠᠯᠲᠠ ᠢᠷᠡᠬᠦ ᠶᠢ ᠳᠠᠭᠠᠯᠳᠤᠨ᠂ | ᠤᠰᠤᠨ ᠳᠤ ᠵᠢᠪᠬᠦ ᠠᠳᠡᠯ ᠣᠯᠠᠨ ᠡᠭᠦᠰᠬᠦ ᠬᠤᠭᠤᠴᠠᠭᠠᠨ ᠳᠤ ᠣᠷᠣᠪᠠ᠃ ᠲᠦᠴᠢᠦᠸᠠᠨ ᠰᠢᠶᠠᠨ ᠣᠯᠠᠨ ᠵᠦᠶᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠵᠣᠨ ᠤ ᠤᠯᠠᠷᠢᠯ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ | ᠪᠣᠳᠠᠲᠠᠶ ᠪᠥᠭᠡᠳ ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ | ᠪᠠᠲᠤᠯᠠᠪᠠ᠃ | | ᠣᠶᠢᠷ᠎ᠠ ᠳᠤ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠳ᠋ᠦᠩ ᠴᠢᠤᠸᠠᠨ ᠲᠣᠰᠬᠤᠨ ᠤ ︽ | ᠬᠤᠶᠠᠷ ᠵᠥᠪᠯᠡᠯ︾ ᠤᠨ ᠺᠠᠳ᠋ᠷ ᠠᠴᠠ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠲᠣᠰᠬᠤᠨ ᠤ | ᠠᠷᠠᠳ ᠢ ᠵᠣᠬᠢᠶᠠᠨ ᠪᠠᠶᠢᠭᠤᠯᠵᠤ ᠤᠰᠤᠨ ᠳᠤ ᠵᠢᠪᠬᠦ ᠶᠢ ᠰᠡᠷᠭᠡᠶᠢᠯᠡᠬᠦ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠤᠬᠠᠭᠤᠯᠭ᠎ᠠ ᠶᠢᠨ ᠭᠠᠷ ᠳᠡᠪᠲᠡᠷ᠂ ︽ᠬᠡᠷ ᠤᠨ ᠠᠬᠠᠮᠠᠳ ᠲᠤ ᠢᠯᠡᠭᠡᠭᠰᠡᠨ ᠵᠠᠬᠢᠳᠠᠯ︾ ᠵᠡᠷᠭᠡ | ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠤᠰᠤᠨ ᠳᠤ ᠵᠢᠪᠬᠦ ᠶᠢᠨ | ᠬᠤᠤᠷ ᠬᠥᠨᠥᠭᠡᠯ ᠪᠠ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠥᠪᠡᠷ ᠢ ᠪᠠᠨ | ᠠᠪᠤᠷᠬᠠᠤ ᠵᠥᠪ ᠠᠷᠭ᠎ᠠ ᠶᠢ ᠤᠬᠠᠭᠤᠯᠪᠠ᠃ | | ᠡᠭᠦᠨ ᠤ ᠬᠠᠮᠲᠤ᠂ ᠳ᠋ᠦᠩ ᠴᠢᠤᠸᠠᠨ ᠲᠣᠰᠬᠤᠨ ᠪᠠᠰᠠ ᠮᠢᠩ ᠰᠢᠩ ᠤᠰᠤᠨ ᠴᠥᠭᠦᠷᠥᠮ ᠤᠨ ᠬᠠᠮᠢᠶᠠᠷᠤᠯᠲᠠ | ᠶᠢᠨ ᠭᠠᠵᠠᠷ ᠤᠨ ᠠᠵᠢᠯᠲᠠᠨ ᠲᠠᠢ ᠬᠠᠮᠲᠤᠷᠠᠨ ᠭᠤᠤᠯ ᠤᠨ ᠡᠷᠭᠢ ᠣᠷᠴᠢᠮ ᠤᠨ ᠲᠣᠭᠤᠷᠢᠨ ᠬᠠᠮᠠᠭᠠᠯᠠᠬᠤ ᠡᠷᠴᠢᠮ | ᠢᠶᠠᠨ ᠴᠢᠩᠭᠠᠷᠠᠭᠤᠯᠵᠤ᠂ ᠨᠠᠭᠤᠷ ᠤᠨ ᠬᠥᠪᠡᠭᠡ ᠵᠡᠷᠭᠡ ᠠᠶᠤᠯᠲᠠᠶ ᠤᠰᠤᠨ ᠣᠷᠣᠨ ᠳᠤ ᠢᠯᠡ ᠲᠣᠳᠣ ᠰᠡᠷᠡᠮᠵᠢ ᠶᠢᠨ | ᠲᠡᠮᠳᠡᠭ ᠲᠠᠯᠪᠢᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ᠂ ᠵᠢᠱᠢᠶᠡᠯᠡᠪᠡᠯ ᠬᠠᠯᠬᠠᠪᠴᠢ ᠬᠡᠷᠡᠰᠬᠡ᠂ | ᠲᠤᠰᠠᠭᠠᠷᠯᠠᠬᠤ ᠲᠣᠤᠷ ᠵᠡᠷᠭᠡ ᠶᠢ ᠪᠠᠶᠢᠷᠢᠯᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠢ ᠨᠠᠰᠤᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠶᠢᠭᠤᠯᠪᠠ᠃ | | ᠲᠦᠴᠢᠦᠸᠠᠨ ᠰᠢᠶᠠᠨ ᠤ ᠬᠤ᠋ ᠰᠢ ᠨᠡᠶᠢᠭᠡᠮ ᠲᠣᠭᠤᠷᠢᠭ ᠠᠴᠠ ᠠᠵᠢᠯ ᠳᠤ ᠪᠠᠶᠢᠭ᠎ᠠ ᠨᠠᠮ ᠤᠨ ᠭᠡᠰᠢᠭᠦᠨ | ᠠᠵᠢᠯᠳᠠᠨ ᠢ ᠵᠤᠬᠢᠶᠠᠨ ᠪᠠᠶᠢᠭᠤᠯᠤᠨ ᠡᠷᠭᠢᠨ ᠲᠣᠭᠤᠷᠢᠨ ᠤ ᠤᠰᠤᠨ ᠣᠷᠣᠨ ᠳᠤ ᠬᠦᠷᠴᠦ ︽ᠵᠤᠨ ᠤ ᠤᠯᠠᠷᠢᠯ ᠤᠨ | ᠤᠰᠤᠨ ᠳᠤ ᠵᠢᠪᠬᠦ ᠶᠢ ᠰᠡᠷᠭᠡᠶᠢᠯᠡᠬᠦ᠂ ᠨᠠᠮ ᠤᠨ ᠭᠡᠰᠢᠭᠦᠨ ᠠᠵᠢᠯᠯᠠᠭ᠎ᠠ ᠥᠷᠨᠢᠭᠦᠯᠬᠦ︾ ᠭᠤᠣᠯ ᠰᠡᠳᠦᠪᠲᠦ | ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠠᠮ ᠤᠨ ᠭᠡᠰᠢᠭᠦᠨ ᠺᠠᠳ᠋ᠷᠴᠤᠳ ᠠᠵᠢᠯᠯᠠᠭ᠎ᠠ ᠳᠤ ᠣᠷᠣᠯᠴᠠᠭᠰᠠᠨ | ᠰᠠᠭᠤᠭᠠᠯᠢ ᠠᠷᠠᠳ ᠲᠤ ᠪᠠᠴᠢᠮ ᠠᠪᠤᠷᠠᠯᠳᠠ ᠶᠢᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ | ᠬᠠᠮᠲᠤ ᠬᠠᠮᠢᠶ᠎ᠠ ᠪᠥᠬᠦᠶ ᠠᠭᠤᠯᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠪᠠ᠃ ᠰᠢᠶᠠᠨ ᠤ ᠤᠯᠠᠭᠠᠨ ᠵᠠᠭᠠᠯᠮᠠᠢᠲᠠᠨ ᠤ | ᠨᠡᠶᠢᠭᠡᠮᠯᠢᠭ ᠤᠨ ᠠᠵᠢᠯᠲᠠᠨ ᠶᠠᠷᠢᠵᠤ ᠪᠣᠯᠪᠠᠰᠤᠷᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ | ᠲᠤ ᠤᠰᠤᠨ ᠳᠤ ᠴᠠᠴᠠᠬᠤ᠂ ᠵᠢᠷᠦᠬᠡ ᠠᠭᠤᠰᠬᠢ ᠰᠡᠷᠭᠦᠬᠦ ᠵᠡᠷᠭᠡ ᠲᠦᠷᠭᠡᠨ ᠠᠪᠤᠷᠠᠬᠤ ᠤᠷ᠎ᠠ ᠴᠢᠳᠠᠪᠤᠷᠢ ᠶᠢ | ᠲᠠᠶᠢᠯᠪᠦᠷᠢᠯᠠᠵᠠᠢ᠃ | |