ᠲᠦᠴᠢᠦᠸᠠᠨ ᠰᠢᠶᠠᠨ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/7/23
   ᠵᠤᠨ ᠤ ᠤᠯᠠᠷᠢᠯ ᠤᠨ ᠠᠭᠠᠷ ᠤᠨ ᠳᠤᠯᠠᠭᠠᠨ ᠳᠡᠭᠡᠭᠰᠢᠯᠡᠬᠦ ᠪᠠ ᠵᠤᠨ ᠤ ᠠᠮᠠᠷᠠᠯᠲᠠ ᠢᠷᠡᠬᠦ ᠶᠢ ᠳᠠᠭᠠᠯᠳᠤᠨ᠂ ᠤᠰᠤᠨ ᠳᠤ ᠵᠢᠪᠬᠦ ᠠᠳᠡᠯ ᠣᠯᠠᠨ ᠡᠭᠦᠰᠬᠦ ᠬᠤᠭᠤᠴᠠᠭᠠᠨ ᠳᠤ ᠣᠷᠣᠪᠠ᠃ ᠲᠦᠴᠢᠦᠸᠠᠨ ᠰᠢᠶᠠᠨ ᠣᠯᠠᠨ ᠵᠦᠶᠯ  ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠵᠣᠨ ᠤ ᠤᠯᠠᠷᠢᠯ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ  ᠢ ᠪᠣᠳᠠᠲᠠᠶ ᠪᠥᠭᠡᠳ ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃
   ᠣᠶᠢᠷ᠎ᠠ ᠳᠤ᠂ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠳ᠋ᠦᠩ ᠴᠢᠤᠸᠠᠨ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠠᠴᠠ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠤᠰᠤᠨ ᠳᠤ ᠵᠢᠪᠬᠦ ᠶᠢ ᠰᠡᠷᠭᠡᠶᠢᠯᠡᠬᠦ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠭᠠᠷ ᠳᠡᠪᠲᠡᠷ᠂  ︽ᠬᠡᠷ ᠤᠨ ᠠᠬᠠᠮᠠᠳ ᠲᠤ ᠢᠯᠡᠭᠡᠭᠰᠡᠨ ᠵᠠᠬᠢᠳᠠᠯ︾ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠤᠰᠤᠨ ᠳᠤ ᠵᠢᠪᠬᠦ ᠶᠢᠨ ᠬᠤᠤᠷ ᠬᠥᠨᠥᠭᠡᠯ ᠪᠠ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠥᠪᠡᠷ ᠢ ᠪᠠᠨ ᠠᠪᠤᠷᠬᠠᠤ ᠵᠥᠪ ᠠᠷᠭ᠎ᠠ ᠶᠢ ᠤᠬᠠᠭᠤᠯᠪᠠ᠃
   ᠡᠭᠦᠨ ᠤ ᠬᠠᠮᠲᠤ᠂ ᠳ᠋ᠦᠩ ᠴᠢᠤᠸᠠᠨ ᠲᠣᠰᠬᠤᠨ ᠪᠠᠰᠠ ᠮᠢᠩ ᠰᠢᠩ ᠤᠰᠤᠨ ᠴᠥᠭᠦᠷᠥᠮ ᠤᠨ ᠬᠠᠮᠢᠶᠠᠷᠤᠯᠲᠠ  ᠶᠢᠨ ᠭᠠᠵᠠᠷ ᠤᠨ ᠠᠵᠢᠯᠲᠠᠨ ᠲᠠᠢ ᠬᠠᠮᠲᠤᠷᠠᠨ ᠭᠤᠤᠯ ᠤᠨ ᠡᠷᠭᠢ ᠣᠷᠴᠢᠮ ᠤᠨ ᠲᠣᠭᠤᠷᠢᠨ ᠬᠠᠮᠠᠭᠠᠯᠠᠬᠤ ᠡᠷᠴᠢᠮ  ᠢᠶᠠᠨ ᠴᠢᠩᠭᠠᠷᠠᠭᠤᠯᠵᠤ᠂ ᠨᠠᠭᠤᠷ ᠤᠨ ᠬᠥᠪᠡᠭᠡ ᠵᠡᠷᠭᠡ ᠠᠶᠤᠯᠲᠠᠶ ᠤᠰᠤᠨ ᠣᠷᠣᠨ ᠳᠤ ᠢᠯᠡ ᠲᠣᠳᠣ ᠰᠡᠷᠡᠮᠵᠢ ᠶᠢᠨ ᠲᠡᠮᠳᠡᠭ ᠲᠠᠯᠪᠢᠵᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ᠂ ᠵᠢᠱᠢᠶᠡᠯᠡᠪᠡᠯ ᠬᠠᠯᠬᠠᠪᠴᠢ ᠬᠡᠷᠡᠰᠬᠡ᠂ ᠲᠤᠰᠠᠭᠠᠷᠯᠠᠬᠤ ᠲᠣᠤᠷ ᠵᠡᠷᠭᠡ ᠶᠢ ᠪᠠᠶᠢᠷᠢᠯᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠢ ᠨᠠᠰᠤᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠶᠢᠭᠤᠯᠪᠠ᠃
   ᠲᠦᠴᠢᠦᠸᠠᠨ ᠰᠢᠶᠠᠨ ᠤ ᠬᠤ᠋ ᠰᠢ ᠨᠡᠶᠢᠭᠡᠮ ᠲᠣᠭᠤᠷᠢᠭ ᠠᠴᠠ ᠠᠵᠢᠯ ᠳᠤ ᠪᠠᠶᠢᠭ᠎ᠠ ᠨᠠᠮ ᠤᠨ ᠭᠡᠰᠢᠭᠦᠨ ᠠᠵᠢᠯᠳᠠᠨ ᠢ ᠵᠤᠬᠢᠶᠠᠨ ᠪᠠᠶᠢᠭᠤᠯᠤᠨ ᠡᠷᠭᠢᠨ ᠲᠣᠭᠤᠷᠢᠨ ᠤ ᠤᠰᠤᠨ ᠣᠷᠣᠨ ᠳᠤ ᠬᠦᠷᠴᠦ  ︽ᠵᠤᠨ ᠤ ᠤᠯᠠᠷᠢᠯ  ᠤᠨ ᠤᠰᠤᠨ ᠳᠤ ᠵᠢᠪᠬᠦ ᠶᠢ ᠰᠡᠷᠭᠡᠶᠢᠯᠡᠬᠦ᠂ ᠨᠠᠮ ᠤᠨ ᠭᠡᠰᠢᠭᠦᠨ ᠠᠵᠢᠯᠯᠠᠭ᠎ᠠ ᠥᠷᠨᠢᠭᠦᠯᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠠᠮ ᠤᠨ ᠭᠡᠰᠢᠭᠦᠨ ᠺᠠᠳ᠋ᠷᠴᠤᠳ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠲᠤ ᠪᠠᠴᠢᠮ ᠠᠪᠤᠷᠠᠯᠳᠠ ᠶᠢᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠬᠠᠮᠢᠶ᠎ᠠ ᠪᠥᠬᠦᠶ ᠠᠭᠤᠯᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠪᠠ᠃ ᠰᠢᠶᠠᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠠᠵᠢᠯᠲᠠᠨ ᠶᠠᠷᠢᠵᠤ ᠪᠣᠯᠪᠠᠰᠤᠷᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠤᠰᠤᠨ ᠳᠤ ᠴᠠᠴᠠᠬᠤ᠂ ᠵᠢᠷᠦᠬᠡ ᠠᠭᠤᠰᠬᠢ ᠰᠡᠷᠭᠦᠬᠦ ᠵᠡᠷᠭᠡ ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠲᠠᠶᠢᠯᠪᠦᠷᠢᠯᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号