ᠥᠪᠥᠷ ᠮᠣᠩᠭᠤᠯ ᠤᠨ ᠬᠢᠨ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠢᠳᠡᠪᠬᠢᠲᠡᠶ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/7/23
   ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠣᠶᠢᠯᠠᠭᠠᠭᠰᠠᠨ ᠢᠶᠠᠷ᠂ ᠣᠳᠣ ᠶᠠᠭ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠭᠠᠮᠰᠢᠭᠲᠤ ᠴᠠᠭ ᠠᠭᠤᠷ ᠤᠨ ᠡᠭᠦᠰᠬᠦ ᠣᠨᠴᠠᠭᠠᠶ ᠴᠢᠨᠠᠷ᠂ ᠲᠦᠢᠯᠰᠢᠷᠠᠬᠤ ᠴᠢᠨᠠᠷ ᠢᠯᠡᠳᠲᠡ ᠬᠦᠨᠳᠦᠷᠡᠵᠦ ᠂ ᠮᠠᠨ ᠤ ᠣᠷᠣᠨ ᠤ ᠬᠡᠰᠡᠭ ᠭᠠᠵᠠᠷ ᠣᠷᠣᠨ ᠠᠭᠤᠯᠠᠨ ᠦᠶᠡᠷ ᠤᠨ ᠭᠠᠮᠰᠢᠭ ᠣᠯᠠᠨ ᠡᠭᠦᠰᠳᠡᠭ ᠮᠥᠷᠲᠡᠭᠡᠨ ᠠᠮᠠᠷᠬᠠᠨ ᠡᠭᠦᠰᠳᠡᠭ ᠬᠤᠭᠤᠴᠠᠭᠠᠨ ᠳᠤ ᠪᠠᠨ ᠣᠷᠣᠵᠠᠢ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠨᠢᠭᠡᠨᠲᠡ ᠦᠶᠡᠷ ᠢ ᠰᠡᠷᠭᠡᠶᠢᠯᠡᠬᠦ ᠶᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠥᠬᠡᠬᠤᠲᠠ ᠵᠡᠷᠭᠡ ᠥᠪᠥᠷ ᠮᠣᠩᠭᠤᠯ ᠤᠨ ᠵᠡᠭᠦᠨ ᠪᠠᠷᠠᠭᠤᠨ ᠬᠡᠰᠡᠭ ᠤᠨ 8 ᠠᠶᠢᠮᠠᠭ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠂ ᠡᠭᠦᠨ ᠳᠤ ᠠᠭᠤᠯᠠᠨ ᠦᠶᠡᠷ ᠤᠨ ᠭᠤᠤ ᠵᠢᠯᠠᠭ᠎ᠠ᠂ ᠦᠶᠡᠷ ᠤᠰᠤᠳᠤᠯ ᠥᠩᠭᠡᠷᠡᠵᠦ ᠭᠠᠷᠬᠤ ᠠᠶᠤᠯᠲᠠᠢ ᠵᠠᠮ ᠵᠡᠷᠭᠡ ᠭᠤᠤᠯᠳᠠᠯᠭ᠎ᠠ ᠲᠠᠢ ᠬᠡᠰᠡᠭ ᠤᠨ ᠰᠡᠷᠭᠡᠶᠢᠯᠡᠬᠦ ᠠᠵᠢᠯ ᠢ ᠭᠤᠣᠯᠳᠠᠭᠤᠯᠤᠨ ᠪᠠᠶᠢᠴᠠᠭᠠᠪᠠ᠃    ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠤᠬᠠᠶ ᠶᠢᠨ ᠭᠠᠵᠠᠷ ᠲᠤ ᠨᠢ ᠬᠦᠷᠴᠦ ᠰᠤᠷᠪᠤᠯᠵᠢᠯᠠᠬᠤ᠂ ᠮᠠᠲ᠋ᠧᠷᠢᠶᠠᠯ ᠢ ᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ᠂ ᠡᠯ᠎ᠡ ᠭᠤᠤᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ᠂ ᠤᠰᠤᠨ ᠳᠤ ᠦᠷᠲᠦᠬᠦ ᠵᠠᠮ ᠤᠨ ᠭᠠᠳᠠᠷᠭᠤ ᠶᠢ ᠵᠢᠵᠢᠭᠦᠷᠯᠡᠨ ᠰᠠᠬᠢᠬᠤ᠂ ᠵᠠᠰᠠᠭ ᠵᠠᠬᠢᠷᠭᠠᠨ ᠤ ᠲᠣᠰᠬᠤᠨ ᠤ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠪᠠ ᠲᠠᠪᠴᠠᠩ ᠤᠨ ᠠᠵᠢᠯᠯᠠᠭᠠᠨ ᠵᠡᠷᠭᠡ ᠪᠠᠶᠢᠳᠠᠯ ᠤᠳ ᠢ ᠨᠠᠷᠢᠨ ᠣᠶᠢᠯᠠᠭᠠᠵᠤ᠂ ᠡᠯ᠎ᠡ ᠭᠠᠵᠠᠷ ᠤᠨ ᠦᠶᠡᠷ ᠢ ᠰᠡᠷᠭᠡᠶᠢᠯᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠢ ᠪᠥᠬᠦ ᠲᠠᠯ᠎ᠠ ᠪᠠᠷ ᠡᠵᠡᠮᠰᠢᠭᠰᠡᠨ ᠮᠥᠷᠲᠡᠭᠡᠨ ᠢᠯᠡᠷᠡᠭᠦᠯᠦᠭᠰᠡᠨ ᠠᠰᠠᠭᠤᠳᠠᠯ ᠤᠳ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠬᠠᠷᠢᠭᠤᠴᠠᠯᠭᠠᠲᠤ ᠨᠢᠭᠡᠴᠢ ᠨᠦᠭᠦᠳ ᠢ ᠱᠠᠭᠠᠷᠳᠠᠵᠠᠢ᠃    ᠰᠢᠮᠳᠠᠭᠤᠯᠤᠨ ᠵᠢᠯᠣᠭᠤᠳᠬᠤ ᠳᠤᠭᠤᠶᠢᠯᠠᠩ ᠵᠢᠭᠠᠬᠤ ᠳᠤ ᠪᠠᠨ᠂ ᠡᠯ᠎ᠡ ᠭᠠᠵᠠᠷ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ ︾ ᠵᠠᠷᠴᠢᠮ ᠶᠣᠰᠣᠭᠠᠷ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠲᠠᠲᠠᠶᠢᠵᠢᠭᠤᠯᠤᠨ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯᠰᠢᠷᠠᠬᠤ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠤᠳ ᠢ ᠪᠥᠬᠦ ᠬᠦᠴᠦᠨ ᠢᠶᠠᠷ ᠢᠶᠠᠨ ᠨᠠᠷᠢᠯᠢᠭ ᠪᠥᠭᠡᠳ ᠪᠣᠲᠠᠲᠠᠢ ᠬᠢᠬᠦ ᠬᠡᠷᠡᠭᠲᠡᠶ᠃ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ ᠢᠶᠠᠨ ᠴᠠᠭ ᠠᠭᠤᠷ᠂ ᠤᠰᠤᠨ ᠰᠢᠨᠵᠢᠯᠡᠭᠡᠨ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤ ᠨᠢ ᠪᠠᠶᠢᠳᠠᠯ ᠢ ᠵᠢᠱᠢᠵᠤ ᠰᠡᠷᠡᠮᠵᠢᠯᠡᠭᠦᠯᠦᠨ᠂ ᠳᠠᠬᠢᠨ ᠳᠠᠪᠲᠠᠨ ᠰᠤᠳᠤᠯᠤᠨ ᠮᠠᠭᠠᠳᠯᠠᠵᠤ ᠂ ᠪᠣᠷᠣᠭᠠᠨ ᠤ ᠲᠠᠷᠬᠠᠯᠲᠠ ᠪᠠ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠲᠦᠪᠰᠢᠨ ᠤ ᠬᠤᠪᠢᠷᠠᠯᠲᠠ ᠶᠢ ᠣᠨᠣᠪᠴᠢᠲᠠᠶ ᠡᠵᠡᠮᠰᠢᠨ᠂ ᠣᠯᠠᠨ ᠠᠷᠭ᠎ᠠ ᠵᠠᠮ ᠢᠶᠠᠷ᠂ ᠪᠦᠬᠦ ᠲᠠᠯ᠎ᠠ ᠶᠢ ᠬᠠᠮᠤᠷᠠᠭᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠭᠠᠮᠰᠢᠭ ᠲᠤᠯᠭᠠᠷᠠᠪᠠᠯ ︽ᠬᠠᠷᠢᠭᠤ ᠲᠤᠰᠬᠠᠯ ᠭᠠᠷᠭᠠᠬᠤ ︾ ᠲᠣᠭᠲᠠᠴᠠ ᠶᠢ ᠠᠵᠢᠯᠯᠠᠭᠤᠯᠬᠤ ᠶᠢ ᠰᠠᠶᠢᠲᠤᠷ ᠨᠠᠶᠢᠳᠠᠪᠤᠷᠢᠵᠢᠭᠤᠯᠤᠨ᠂ ᠠᠶᠤᠯᠲᠠᠶ ᠣᠷᠣᠨ ᠪᠦᠰᠡ ᠶᠢᠨ ᠣᠯᠠᠨ ᠲᠦᠮᠡᠨ ᠢ ᠨᠡᠭᠦᠯᠭᠡᠨ ᠠᠶᠤᠯ ᠠᠴᠠ ᠵᠠᠶᠢᠯᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠡᠷᠡᠰ ᠰᠢᠭᠤᠷᠬᠠᠶ ᠰᠠᠶᠢᠲᠤᠷ ᠬᠢᠬᠦ ᠬᠡᠷᠡᠭᠲᠡᠶ ᠭᠡᠪᠡ᠃    ᠰᠢᠮᠳᠠᠭᠤᠯᠤᠨ ᠵᠢᠯᠣᠭᠤᠳᠬᠤ ᠳᠤᠭᠤᠶᠢᠯᠠᠩ ᠴᠢᠬᠤᠯᠠᠴᠢᠯᠠᠬᠤ ᠳᠤ ᠪᠠᠨ᠂ ᠠᠭᠤᠯᠠᠨ ᠦᠶᠡᠷ ᠤᠨ ᠭᠤᠤ ᠵᠢᠯᠠᠭ᠎ᠠ ᠪᠠ ᠠᠶᠤᠯᠲᠠᠢ ᠦᠶᠡᠷ ᠤᠰᠤᠳᠤᠯ ᠤᠨ ᠥᠩᠭᠡᠷᠡᠵᠦ ᠭᠠᠷᠬᠤ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠡᠷᠬᠡᠪᠰᠢ ᠨᠢᠳᠦᠨ᠎ᠡ ᠢᠯᠡ ᠳᠣᠬᠢᠶ᠎ᠠ ᠲᠡᠮᠳᠡᠭ ᠲᠤᠬᠢᠷᠠᠭᠤᠯᠬᠤ ᠶᠢᠨ ᠬᠠᠮᠲᠤ ᠪᠠᠷᠢᠮᠵᠢᠶ᠎ᠠ ᠶᠣᠰᠣᠭᠠᠷ ᠦᠶᠡᠷ ᠢ ᠰᠡᠷᠭᠡᠶᠢᠯᠡᠬᠦ ᠠᠵᠢᠯ ᠤᠨ ᠠᠩᠬᠢ ᠲᠤᠬᠢᠷᠠᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠶᠢ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ᠃ ᠪᠠᠴᠢᠮ ᠪᠠᠶᠢᠳᠠᠯ ᠭᠠᠷᠤᠮᠠᠭᠴᠠ ᠡᠷᠬᠡᠪᠰᠢ ᠳᠠᠷᠦ᠋ᠢᠬᠠᠨ ᠬᠠᠷᠢᠭᠤ ᠮᠡᠳᠡᠭᠦᠯᠵᠦ᠂ ᠦᠶᠡᠷ ᠤᠨ ᠬᠤᠭᠤᠴᠠᠭᠠᠨ ᠳᠤ ᠬᠦᠨᠳᠦ ᠶᠡᠭᠡ ᠠᠶᠤᠯ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号