ᠪᠠᠶᠠᠷ ᠪᠠᠶᠠᠰᠬᠤᠯᠠᠩᠲᠤ ᠵᠤᠨ ᠤ ᠠᠮᠠᠷᠠᠯᠲᠠ ᠬᠡᠦᠬᠡᠳ ᠤᠨ ᠭᠠᠯ ᠤᠨᠲᠠᠷᠠᠭᠠᠭᠴᠢ ᠶᠢᠨ ᠵᠤᠰᠠᠯᠠᠩ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/7/23
   ᠵᠣᠨ ᠤ ᠠᠮᠠᠷᠠᠯᠲᠠ ᠪᠣᠯᠵᠣ᠂ ᠲᠦᠶᠮᠡᠷ ᠤᠨ ᠠᠶᠤᠯ᠂ ᠤᠰᠤᠨ ᠳᠤ ᠵᠢᠪᠬᠦ᠂ ᠬᠠᠪᠴᠢᠭᠳᠠᠬᠤ…… ᠬᠡᠦᠬᠡᠳ  ᠤᠳ ᠤᠨ ᠳᠡᠷᠭᠡᠳᠡ ᠶᠡᠷᠦᠨᠢ ᠡᠯ᠎ᠡ ᠵᠦᠶᠯ ᠤᠨ ᠠᠶᠤᠯ ᠨᠢᠭᠤᠭᠳᠠᠵᠤ ᠪᠠᠶᠢᠳᠠᠭ᠂ ᠬᠡᠦᠬᠡᠳ ᠤᠨ ᠵᠣᠨ ᠤ ᠠᠮᠠᠷᠠᠯᠲᠠ  ᠶᠢᠨ ᠠᠮᠤᠷ ᠲᠦᠪᠰᠢᠨ ᠨᠢ ᠴᠦ ᠡᠨᠡᠬᠦ ᠠᠭᠠᠭᠢᠮ᠎ᠠ ᠬᠠᠯᠠᠭᠤᠨ ᠵᠣᠨ ᠤ ᠡᠳᠦᠷ ᠤᠨ ᠦᠶ ᠣᠯᠠᠨ ᠬᠡᠷ ᠤᠨ ᠠᠬᠠᠮᠠᠳ  ᠤᠨ ᠲᠡᠷᠢᠭᠦᠨ ᠴᠢᠬᠤᠯᠠ ᠶᠠᠪᠤᠳᠠᠯ ᠪᠣᠯᠵᠠᠶ᠃ ᠣᠳᠣᠬᠠᠨ ᠳᠤ᠂ ᠲᠦᠴᠢᠦᠸᠠᠨ ᠰᠢᠶᠠᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ 50 ᠬᠡᠦᠬᠡᠳ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠣᠷᠣᠵᠤ᠂ ︽ᠭᠠᠯ ᠤᠨᠲᠠᠷᠠᠭᠠᠬᠤ ᠪᠠᠶᠢᠯᠳᠤᠭᠠᠨ ᠤ ᠬᠤᠪᠴᠠᠰᠤ︾ ᠶᠢ ᠡᠮᠦᠰᠴᠦ᠂ ᠪᠠᠭ᠎ᠠ ᠭᠠᠯ ᠤᠨᠲᠠᠷᠠᠭᠠᠭᠴᠢ ᠶᠢᠨ ᠵᠤᠰᠠᠯᠠᠩ ᠤᠨ ᠠᠵᠢᠯᠯᠠᠭ᠎ᠠ ᠶᠢ ᠡᠬᠢᠯᠡᠭᠦᠯᠵᠦ᠂ ᠡᠩᠨᠡᠭᠡ ᠪᠠᠷ ᠶᠠᠪᠤᠵᠤ᠂ ᠪᠠᠭᠠᠵᠢ ᠬᠡᠷᠡᠭᠰᠡᠯ ᠦᠵᠡᠵᠦ᠂ ᠬᠠᠮᠲᠤ ᠪᠠᠷ ᠪᠣᠯᠪᠠᠰᠤᠷᠠᠵᠤ᠂ ᠭᠠᠯ ᠤᠨᠲᠠᠷᠠᠭᠠᠭᠴᠢ ᠶᠢᠨ ᠠᠮᠢᠳᠤᠷᠠᠯ ᠢ ᠪᠡᠶᠡᠴᠢᠯᠡᠨ ᠣᠶᠢᠯᠠᠭᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠠ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠰᠤᠷᠤᠯᠴᠠᠪᠠ᠃
   ᠠᠵᠢᠯᠯᠠᠭ᠎ᠠ ᠳᠤᠮᠳᠠ᠂ ᠶᠡᠭᠡ ᠠᠩᠭᠢ ᠶᠢᠨ ᠭᠠᠯ ᠤᠨᠲᠠᠷᠠᠭᠠᠬᠤ ᠰᠠᠶᠢᠨ ᠳᠤᠷᠠᠴᠤᠳ ᠪᠦᠬᠦ ᠬᠥᠮᠦᠰ ᠢ ᠳᠠᠭᠠᠭᠤᠯᠤᠨ ᠬᠤᠸᠠᠷᠠᠨ ᠤ ᠪᠠᠶᠢᠷᠢ᠂ ᠬᠥᠳᠡᠯᠭᠡᠭᠡᠨ ᠤ ᠲᠠᠰᠤᠭ᠂ ᠢᠷᠠᠭᠤ ᠠᠯᠳᠠᠷ ᠤᠨ ᠲᠠᠰᠤᠭ ᠵᠡᠷᠭᠡ ᠶᠢ ᠲᠣᠭᠤᠷᠢᠨ ᠦᠵᠡᠪᠡ᠃ ᠳᠠᠷᠠᠭ᠎ᠠ ᠨᠢ᠂ ᠬᠡᠦᠬᠡᠳ ᠤᠳ ᠬᠠᠮᠲᠤ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠤᠨ ᠺᠢᠨᠣ᠋ ᠶᠢ ᠦᠵᠡᠪᠡ᠃ ᠰᠤᠷᠤᠭᠴᠢᠳ ᠤᠨ ᠨᠠᠰᠤ ᠪᠠᠭ᠎ᠠ᠂ ᠰᠣᠨᠢᠭᠤᠴᠢ ᠰᠡᠳᠬᠢᠯ ᠴᠢᠩᠭ᠎ᠠ᠂ ᠠᠮᠤᠷ ᠲᠦᠪᠰᠢᠨ ᠤ ᠤᠬᠠᠮᠰᠠᠷ ᠬᠦᠷᠦᠯᠴᠡᠬᠦ ᠥᠬᠡᠶ ᠵᠡᠷᠭᠡ ᠣᠨᠴᠠᠯᠢᠭ ᠲᠠᠢ ᠤᠶᠠᠯᠳᠤᠭᠤᠯᠤᠨ᠂ ᠰᠤᠷᠭᠠᠭᠤᠯᠢ ᠪᠠ ᠬᠡᠷ ᠪᠦᠯᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠡᠳᠦᠷ ᠲᠤᠲᠤᠮ ᠤᠨ ᠠᠩᠬᠠᠷᠬᠤ ᠵᠦᠶᠯᠡᠰ ᠲᠠᠢ ᠤᠶᠠᠯᠳᠤᠭᠤᠯᠤᠨ᠂ ᠬᠡᠦᠬᠡᠳ ᠤᠳ ᠲᠤ ᠡᠳᠦᠷ ᠲᠤᠲᠤᠮ ᠤᠨ ᠠᠮᠢᠳᠤᠷᠠᠯ ᠳᠤᠮᠳᠠ ᠭᠠᠯ ᠤᠨ ᠠᠶᠤᠯ ᠢ ᠬᠡᠷᠬᠢᠨ ᠰᠡᠷᠭᠡᠶᠢᠯᠡᠬᠦ᠂ ᠭᠠᠯ ᠤᠨ ᠭᠠᠮᠰᠢᠭ ᠭᠠᠷᠪᠠᠯ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠬᠠᠤ ᠵᠡᠷᠭᠡ ᠶᠡᠷᠦ  ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ ᠦᠭᠴᠡᠢ᠃ ᠡᠨᠡ ᠬᠤᠭᠤᠴᠠᠭᠠᠨ ᠳᠤ᠂ ᠶᠡᠭᠡ ᠠᠩᠭᠢ ᠶᠢᠨ ᠭᠠᠯ ᠤᠨᠲᠠᠷᠠᠭᠠᠬᠤ ᠰᠠᠶᠢᠨ ᠳᠤᠷᠠᠴᠤᠳ ᠬᠡᠦᠬᠡᠳ ᠤᠳ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠠᠨᠢᠭᠤᠯᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠵᠢᠭᠠᠵᠤ ᠥᠭᠬᠦ ᠶᠢ ᠪᠡᠶᠡᠴᠢᠯᠡᠨ ᠵᠢᠯᠣᠭᠤᠳᠬᠤ ᠶᠢᠨ ᠬᠠᠮᠲᠤ ᠬᠡᠦᠬᠡᠳ ᠤᠳ ᠲᠤ ᠠᠮᠠᠷᠠᠯᠲᠠ ᠶᠢᠨ ᠬᠤᠭᠤᠴᠠᠭᠠᠨ ᠳᠤ ᠭᠠᠯ ᠢᠶᠠᠷ ᠨᠠᠭᠠᠳᠴᠤ ᠪᠣᠯᠬᠤ ᠥᠬᠡᠶ᠂ ᠠᠶᠤᠯᠲᠠᠶ ᠤᠰᠤᠨ ᠣᠷᠣᠨ ᠳᠤ ᠣᠴᠢᠵᠤ ᠨᠠᠭᠠᠳᠴᠤ ᠪᠣᠯᠬᠤ ᠥᠬᠡᠶ ᠭᠡᠵᠦ ᠣᠨᠴᠠᠭᠠᠶᠢᠯᠠᠨ ᠰᠠᠨᠠᠭᠤᠯᠵᠤ᠂ ᠬᠡᠦᠬᠡᠳ ᠤᠳ ᠲᠤ ᠠᠮᠢ ᠨᠠᠰᠤ ᠪᠠᠨ ᠨᠠᠨᠳᠢᠩᠨᠠᠵᠤ᠂ ︽ᠥᠨᠥᠴᠢᠨ ᠪᠠᠭᠠᠲᠤᠷ︾ ᠪᠣᠯᠵᠣ ᠪᠣᠯᠬᠤ ᠥᠬᠡᠶ ᠭᠡᠵᠦ ᠵᠠᠬᠢᠪᠠ᠃
   ᠠᠵᠢᠯᠯᠠᠭ᠎ᠠ ᠶᠢᠨ ᠡᠴᠦᠰ ᠲᠤ᠂ ᠥᠪᠥᠷ ᠮᠣᠩᠭᠤᠯ ᠤᠨ ᠭᠠᠯ ᠰᠡᠷᠭᠡᠶᠢᠯᠡᠯᠲᠡ ᠶᠢᠨ IP ᠬᠠᠮᠲᠤ ᠶᠢᠨ ᠬᠡᠷᠡᠯ ᠵᠢᠷᠤᠭ᠂ ᠭᠠᠯ ᠰᠡᠷᠭᠡᠶᠢᠯᠡᠯᠲᠡ ᠶᠢᠨ ᠭᠤᠤᠯ ᠰᠡᠳᠦᠪᠲᠦ ᠵᠢᠵᠢᠭ ᠡᠯᠭᠦᠮᠡᠯ ᠲᠣᠨᠤᠭ᠂ ᠭᠠᠯ ᠰᠡᠷᠭᠡᠶᠢᠯᠡᠯᠲᠡ ᠶᠢᠨ ᠭᠤᠤᠯ ᠰᠡᠳᠦᠪᠲᠦ ᠪᠢᠴᠢᠭ ᠤᠨ ᠱᠣᠰᠢᠭ᠎ᠠ ᠵᠡᠷᠭᠡ ᠶᠢ ᠪᠠᠭᠲᠠᠭᠠᠭᠰᠠᠨ ᠪᠣᠶ ᠪᠥᠬᠦᠶ ᠬᠡᠦᠬᠡᠳ ᠴᠥᠮ ᠨᠢᠭᠡ ᠬᠤᠪᠢ ᠣᠨᠴᠠᠭᠠᠶ ᠪᠡᠯᠡᠭ ᠣᠯᠵᠤ᠂ ᠬᠡᠦᠬᠡᠳ ᠤᠳ ᠲᠤ ᠦᠨᠡᠨ ᠬᠦ ᠳᠦᠭᠦᠷᠡᠩ ᠣᠯᠤᠯᠲᠠ ᠲᠠᠢ ᠪᠣᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号