7 ᠳ᠋ᠤᠭᠠᠷ ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠵᠠᠯᠠᠶᠢᠳ ᠬᠤᠰᠢᠭᠤᠨ ᠤ ᠲᠤᠲᠤᠷᠭ᠎ᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠬᠥᠭᠵᠢᠯᠲᠡ | ᠂ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠥᠲᠥᠭᠡᠨ ᠪᠠᠶᠢᠭᠤᠯᠤᠯᠲᠠ ᠵᠡᠷᠭᠡ ᠤᠴᠢᠷ ᠶᠠᠪᠤᠳᠠᠯ ᠢ | ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ | ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠠᠶᠢᠵᠤ ᠪᠡᠶ᠎ᠡ ᠪᠠᠨ ᠳᠠᠭᠠᠭᠠᠬᠤ︾ ᠴᠢᠬᠤᠯᠠ | ᠵᠣᠬᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠳᠡᠭᠡᠨ ᠢᠲᠡᠭᠡᠯ ᠲᠠᠢ | ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠶᠢᠨ ᠭᠦᠨᠵᠡᠭᠡᠢ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠠᠵᠢᠯ ᠤᠨ | ᠰᠢᠨᠵᠢᠯᠡᠬᠦ ᠤᠬᠠᠭᠠᠨᠴᠢ ᠴᠢᠨᠠᠷ᠂ ᠵᠥᠩᠨᠡᠯᠲᠡ ᠶᠢᠨ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠤᠯᠠᠮ | ᠴᠢᠨᠠᠭᠰᠢᠳᠠ ᠴᠢᠩᠭᠠᠳᠬᠠᠵᠤ᠂ ᠰᠢᠰᠲ᠋ᠧᠮᠲᠦ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ | ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ᠂ ᠨᠠᠷᠠᠲᠤ ᠲᠥᠷᠥᠯ ᠲᠡᠮᠳᠡᠭᠲᠦ ᠶᠢᠨ ᠴᠣᠭᠴᠠᠯᠠᠯᠲᠠ᠂ | ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠪᠠ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠬᠡᠯᠪᠡᠷᠢ ᠪᠠᠷ ᠠᠮᠢᠳᠤᠯᠢᠭ ᠪᠣᠯᠭᠠᠵᠤ᠂ ᠵᠠᠯᠠᠶᠢᠳ | ᠬᠤᠰᠢᠭᠤᠨ ᠤ ᠲᠤᠲᠤᠷᠭ᠎ᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠬᠤ | ᠬᠡᠷᠡᠭᠲᠡᠶ᠃ ᠬᠢᠩᠭᠠᠨ ᠠᠶᠢᠮᠠᠭ ᠤᠨ ︽ᠡᠳᠦᠷ ᠪᠦᠷᠢ ᠶᠢᠨ ᠨᠠᠭᠠᠳᠤᠮ︾ ᠤᠨ ᠵᠠᠬ᠎ᠠ ᠳᠡᠯᠭᠡᠭᠦᠷᠴᠢᠯᠡᠬᠦ᠂ | ᠬᠡᠪᠴᠢᠶᠡᠵᠢᠭᠦᠯᠬᠦ᠂ ᠦᠷᠭᠦᠯᠵᠢᠯᠡᠬᠦ ᠵᠡᠷᠭᠡ ᠣᠨᠴᠠᠯᠢᠭ ᠢᠶᠠᠷ ᠭᠤᠤᠯᠯᠠᠭᠤᠯᠤᠨ᠂ ᠵᠢᠭᠤᠯᠴᠢᠯᠠᠭᠴᠢᠳ ᠤᠨ ᠰᠡᠳᠬᠢᠬᠦᠶ ᠶᠢ | ᠬᠡᠷᠡᠭᠯᠡᠨ᠂ ᠠᠬᠤᠶ ᠲᠠᠯᠠᠪᠠᠶ ᠶᠢᠨ ᠵᠢᠷᠤᠭ ᠲᠥᠯᠥᠪᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ | ᠵᠠᠭᠤᠴᠢᠯᠠᠭᠤᠷ ᠤᠨ ᠤᠬᠠᠭᠤᠯᠭ᠎ᠠ ᠶᠢ ᠴᠢᠩᠭᠠᠳᠬᠠᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠴᠢᠨᠠᠷ ᠰᠠᠶᠢᠲᠠᠶ ᠤᠨᠴᠠᠯᠢᠬᠳᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ | ᠪᠣᠯᠭᠠᠬᠤ ᠬᠡᠷᠡᠭᠲᠡᠶ ᠭᠡᠪᠡ᠃ | ᠬᠤᠷᠠᠯ ᠠᠴᠠ ᠴᠢᠩᠭᠠᠳᠬᠠᠭᠰᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ | ᠪᠦᠳᠦᠬᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠤᠳᠠ ᠬᠥᠳᠡᠭᠡ ᠶᠢᠨ ᠪᠦᠳᠦᠬᠡᠨ | ᠪᠠᠶᠢᠭᠤᠯᠤᠯᠲᠠ ᠳᠤ ᠠᠬᠢᠭᠤᠯᠬᠤ ᠦᠢᠯᠡᠳᠦᠯ ᠦᠵᠡᠭᠦᠯᠬᠦ ᠬᠢᠯᠠᠰ ᠴᠡᠭ ᠤᠨ ᠳᠦᠷᠦᠯ ᠵᠦᠢᠯ ᠪᠣᠯᠤᠨ | ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ | ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠦᠳᠦᠬᠡᠨ ᠪᠠᠶᠢᠭᠤᠯᠤᠯᠲᠠ ᠶᠢᠨ ᠰᠢᠨ᠎ᠡ ᠵᠠᠭᠪᠤᠷ᠂ ᠰᠢᠨ᠎ᠡ | ᠵᠢᠱᠢᠶ᠎ᠡ ᠶᠢ ᠤᠯᠠᠨ ᠲᠠᠯ᠎ᠠ ᠠᠴᠠ ᠰᠦᠪᠡᠭᠴᠢᠯᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠬᠡᠨ | ᠪᠠᠶᠢᠭᠤᠯᠤᠯᠲᠠ ᠶᠢᠨ ᠳᠤᠮᠳᠠ ᠲᠦᠷᠦᠭᠦᠯᠡᠵᠦ᠂ ᠦᠯᠢᠬᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ᠃ ᠴᠢᠬᠤᠯᠠ | ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠵᠦᠢᠯᠡᠰ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠷᠡᠰ ᠡᠵᠡᠮᠳᠡᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ |