︽ᠲᠠᠯ᠎ᠠ ᠨᠤᠲᠤᠭ ᠤᠨ ᠨᠣᠮ ᠤᠨ ᠥᠷᠥᠭᠡ︾ ᠨᠢ ︽ᠰᠣᠶᠣᠯ ᠤᠨ ᠠᠮᠤ ᠪᠤᠳᠠᠭᠠᠨ ᠤ ᠬᠥᠮᠥᠷᠭᠡ︾ ᠪᠤᠯᠵᠦ ᠠᠩᠭᠢᠯᠤᠮ᠎ᠠ ᠦᠨᠦᠷ ᠬᠠᠩᠬᠢᠯᠤᠨ᠎ᠠ
ᠨᠡᠶᠢᠲᠡᠯᠡᠭᠰᠡᠨ ᠴᠠᠭ᠄
2024/7/24
   ᠣᠯᠠᠨ ᠲᠦᠮᠡᠨ ᠤ ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ ᠶᠢ ᠬᠥᠲᠥᠯᠥᠨ ᠵᠢᠯᠣᠭᠤᠳᠴᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠠᠯᠬᠤᠮ ᠠᠯᠬᠤᠮ ᠢᠶᠠᠷ ᠦᠨᠳᠦᠰᠦᠨ ᠱᠠᠲᠤᠨ ᠤ ᠣᠯᠠᠨ ᠲᠦᠮᠡᠨ ᠤ ᠮᠡᠷᠭᠡᠵᠢᠯ ᠰᠤᠷᠬᠤ᠂ ᠵᠠᠬ᠎ᠠ ᠳᠡᠯᠭᠡᠭᠦᠷ ᠡᠷᠢᠬᠦ᠂ ᠰᠢᠨᠵᠢᠯᠡᠬᠦ ᠤᠬᠠᠭᠠᠨ ᠢ ᠬᠡᠷᠡᠭᠯᠡᠬᠦ᠂ ᠬᠡᠪ ᠴᠢᠨᠠᠷ ᠢ ᠳᠡᠭᠡᠭᠰᠢᠯᠡᠭᠦᠯᠬᠦ  ᠶᠢᠨ ᠴᠢᠬᠤᠯᠠ ᠠᠴᠢᠶᠠᠯᠠᠪᠤᠷᠢ ᠪᠣᠯᠭᠠᠬᠤ ᠶᠢᠨ ᠲᠦᠯᠦᠭᠡ᠃ 7 ᠰᠠᠷ᠎ᠠ ᠶᠢᠨ 19 ᠤ ᠡᠳᠦᠷ᠂ ᠵᠡᠭᠦᠨ ᠲᠦᠷᠦᠯᠵᠢ ᠪᠠᠯᠭᠠᠰᠤ ︽ᠬᠤᠪᠢᠰᠬᠠᠯ ᠤᠨ ᠤᠩᠰᠢᠯᠭ᠎ᠠ ᠪᠢᠴᠢᠭ ᠤᠨ ᠦᠨᠦᠷ ᠠᠮᠲᠠ︾ ᠭᠡᠬᠦ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠩᠰᠢᠯᠭ᠎ᠠ ᠪᠠᠷ ᠵᠠᠭᠤᠴᠢ ᠪᠣᠯᠭᠠᠨ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠪᠠ᠃
   ︽ᠲᠠᠯ᠎ᠠ ᠨᠤᠲᠤᠭ ᠤᠨ ᠨᠣᠮ ᠤᠨ ᠥᠷᠥᠭᠡ ᠳᠤ ᠲᠣᠰᠬᠤᠨ ᠤ ᠠᠷᠠᠳ ᠥᠪᠡᠷ ᠤᠨ ᠳᠤᠷᠠᠲᠠᠶ ᠨᠣᠮ ᠪᠢᠴᠢᠭ  ᠢᠶᠠᠨ ᠤᠷᠪᠠᠭᠤᠯᠵᠤ᠂ ᠦᠵᠡᠬᠦ ᠶᠢᠨ ᠳᠠᠭᠠᠤ ᠨᠣᠮ ᠤᠨ ᠠᠭᠤᠯᠭ᠎ᠠ ᠶᠢ ᠶᠠᠷᠢᠯᠴᠠᠵᠤ᠂ ᠡᠩ ᠤᠨ ᠦᠶ᠎ᠡ ᠳᠤ ᠪᠢᠳᠡ ᠲᠠᠷᠢᠶᠠᠨ ᠠᠵᠢᠯ ᠳᠠᠭᠠᠨ ᠶᠠᠭᠠᠷᠠᠵᠤ᠂ ᠰᠤᠷᠤᠯᠴᠠᠬᠤ ᠴᠠᠭ ᠪᠠᠭ᠎ᠠ ᠪᠠᠶᠢᠳᠠᠭ᠂ ᠲᠣᠰ ᠤᠳᠠᠭᠠᠨ ᠤ ᠤᠩᠰᠢᠯᠭ᠎ᠠ ᠶᠢᠨ ᠠᠵᠢᠯᠯᠠᠭ᠎ᠠ ᠪᠠᠷ ᠳᠡᠮᠵᠢᠨ ᠪᠢᠳᠡ ᠲᠠᠯ᠎ᠠ ᠨᠤᠲᠤᠭ ᠤᠨ ᠨᠣᠮ ᠤᠨ ᠥᠷᠥᠭᠡ ᠳᠤ ᠨᠢᠭᠡ ᠬᠤᠶᠠᠷ ᠴᠠᠭ ᠰᠠᠭᠤᠵᠤ᠂ ᠬᠤᠪᠢᠰᠬᠠᠯ ᠤᠨ ᠥᠯᠢᠭᠡᠷ ᠤᠨ ᠨᠣᠮ ᠪᠢᠴᠢᠭ ᠢ ᠤᠷᠪᠠᠭᠤᠯᠵᠤ᠂ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠰᠤᠷᠤᠯᠴᠠᠵᠤ᠂ ᠠᠷᠠᠳ ᠲᠤ ᠠᠰᠢᠭ ᠬᠦᠷᠲᠡᠭᠡᠬᠦ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠠᠮᠢᠳᠤᠷᠠᠯ  ᠢᠶᠠᠨ ᠲᠡᠭᠦᠯᠳᠡᠷᠵᠢᠭᠦᠯᠬᠦ ᠪᠠᠷ ᠪᠠᠷᠠᠬᠤ ᠥᠬᠡᠶ ᠪᠠᠰᠠ ᠣᠶᠤᠨ ᠲᠠᠷᠢᠬᠢ ᠪᠠᠨ ᠪᠠᠶᠠᠯᠢᠭᠵᠢᠭᠤᠯᠪᠠ᠃ ᠬᠤᠵᠢᠮ ᠪᠢᠳᠡ ᠦᠷᠭᠦᠯᠵᠢᠯᠡᠨ ᠨᠣᠮ ᠤᠩᠰᠢᠬᠤ ᠶᠢ ᠪᠠᠷᠢᠮᠲᠠᠯᠠᠵᠤ᠂ ᠰᠣᠷᠣᠭᠰᠠᠨ ᠮᠡᠳᠡᠯᠭᠡ ᠪᠠᠨ ᠠᠮᠢᠳᠤᠷᠠᠯ ᠳᠤᠮᠳᠠ ᠬᠡᠷᠡᠭᠯᠡᠨ᠎ᠡ᠃︾ ᠭᠡᠵᠦ ᠤᠩᠰᠢᠯᠭ᠎ᠠ ᠶᠢᠨ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠰᠢᠩ ᠹᠦ᠋ ᠲᠣᠰᠬᠤᠨ ᠤ ᠠᠷᠠᠳ ᠬᠡᠯᠡᠨ᠎ᠡ᠃
   ᠨᠣᠮ ᠤᠩᠰᠢᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠣᠰᠬᠤᠨ ᠤ ᠠᠷᠠᠳ ᠤᠨ ᠮᠡᠳᠡᠯᠭᠡ ᠶᠢᠨ ᠨᠥᠭᠡᠴᠡ ᠶᠢ ᠲᠠᠰᠤᠷᠠᠯᠲᠠ ᠤᠢᠭᠡᠢ ᠪᠠᠶᠠᠯᠢᠭᠵᠢᠭᠤᠯᠵᠤ᠂ ᠲᠡᠳᠡᠨ ᠢ ᠦᠷᠭᠦᠯᠵᠢ ᠲᠠᠯ᠎ᠠ ᠨᠤᠲᠤᠭ ᠤᠨ ᠨᠣᠮ ᠤᠨ ᠥᠷᠥᠭᠡ ᠳᠤ ᠣᠴᠢᠭᠤᠯᠤᠨ ᠨᠣᠮ ᠤᠩᠰᠢᠬᠤ ᠠᠵᠢᠯᠯᠠᠭ᠎ᠠ ᠬᠢᠯᠭᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠡᠬᠢ ᠪᠠᠶᠠᠯᠢᠭ ᠢ ᠭᠦᠢᠴᠡᠳ ᠠᠰᠢᠭᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠡᠭᠦᠨ ᠲᠦᠷᠦᠯᠵᠢ ᠪᠠᠯᠭᠠᠰᠤ ᠣᠯᠠᠨ ᠵᠦᠶᠯ ᠤᠨ ᠬᠡᠯᠪᠡᠷᠢ ᠶᠢᠨ ᠤᠩᠰᠢᠵᠤ ᠳᠡᠯᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠢ ᠲᠠᠰᠤᠷᠠᠯᠲᠠ ᠥᠬᠡᠶ ᠰᠤᠷᠤᠯᠴᠠᠵᠤ᠂ ᠤᠮᠠᠷᠠᠲᠤ ᠬᠢᠯᠢ ᠶᠢᠨ ᠰᠣᠶᠣᠯ ᠤᠨ ᠭᠦᠨᠵᠡᠭᠡᠶ ᠠᠭᠤᠯᠤᠭᠳᠠᠬᠤᠨ ᠢ ᠢᠳᠡᠪᠬᠢᠲᠡᠶ ᠣᠶᠢᠯᠠᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠲᠠᠯ᠎ᠠ ᠨᠤᠲᠤᠭ ᠤᠨ ᠨᠣᠮ ᠤᠨ ᠥᠷᠥᠭᠡ︾ ᠶᠢ ᠣᠯᠠᠨ ᠲᠦᠮᠡᠨ ᠤ ︽ᠮᠡᠳᠡᠯᠭᠡ ᠶᠢᠨ ᠲᠣᠰᠣ ᠨᠡᠮᠡᠬᠦ ᠥᠷᠲᠡᠭᠡ︾ ᠪᠣᠯᠭᠠᠵᠤ᠂ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢᠨ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠵᠦ᠂ ᠵᠡᠭᠦᠨ ᠲᠦᠷᠦᠯᠵᠢ ᠪᠠᠯᠭᠠᠰᠤ ᠶᠢ ᠨᠣᠮ ᠤᠨ ᠦᠨᠦᠷ ᠬᠠᠩᠬᠤᠯᠵᠤ᠂ ᠪᠥᠬᠦ ᠠᠷᠠᠳ ᠤᠨ ᠨᠣᠮ ᠤᠩᠰᠢᠬᠤ ᠬᠠᠯᠠᠭᠤᠨ ᠥᠷᠨᠢᠯᠲᠡ ᠬᠠᠷᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号