ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠦᠴᠢᠦᠸᠠᠨ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠨᠡᠶᠢᠲᠡᠯᠡᠬᠦ ᠳᠤ ᠦᠯᠡᠳᠡᠭᠡᠭᠰᠡᠨ ᠭᠠᠷᠴᠠᠭ ᠵᠢᠴᠢ ᠭᠠᠷᠴᠠᠭ ᠢ ᠬᠦᠴᠦᠨ ᠥᠬᠡᠶ ᠪᠣᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/25
ᠰᠢᠶᠠᠨ ᠤ ᠡᠯ᠎ᠡ ᠬᠤᠷᠢᠶ᠎ᠠ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ  ᠳᠤ᠄   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠡᠷᠡᠭᠵᠢᠭᠦᠯᠬᠦ ᠭᠤᠤᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠡᠭᠦᠯᠳᠡᠷᠵᠢᠭᠦᠯᠬᠦ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠶᠢ ᠠᠬᠢᠭᠤᠯᠤᠨ᠎ᠠ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠤᠨ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠂ ᠬᠠᠤᠯᠢ ᠶᠢ ᠦᠨᠳᠦᠰᠦᠯᠡᠪᠡᠯ᠂ ᠬᠠᠤᠯᠢ ᠲᠦᠷᠢᠮ᠂ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠯᠲᠠ ᠪᠠ 《 〈 ᠣᠷᠣᠨ ᠨᠤᠲᠤᠭ  ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ 〉 ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ 》 ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ 《 ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ( 2023 ᠣᠨ ᠤ ᠬᠡᠪᠯᠡᠯ ) 》 ᠲᠠᠢ ᠤᠶᠠᠯᠳᠤᠭᠤᠯᠤᠨ᠎ᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠦᠨᠳᠦᠰᠦᠨ ᠭᠠᠷᠴᠠᠭ ᠪᠠ 《 ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ 》 ᠶᠢᠨ ᠵᠦᠶᠯᠡᠰ ᠤᠨ ᠨᠠᠷᠢᠨ ᠬᠠᠭᠤᠳᠠᠰᠤ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 7612 ᠵᠦᠶᠯ ᠤᠨ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠦᠯᠡᠳᠡᠭᠡᠬᠦ ᠤᠴᠢᠷ ᠶᠠᠪᠤᠳᠠᠯ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ 264 ᠵᠦᠶᠯ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠬᠦᠴᠦᠨ ᠥᠬᠡᠶ ᠪᠣᠯᠭᠠᠪᠠ᠂ ᠣᠲᠣ 《 ᠲᠦᠴᠢᠦᠸᠠᠨ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠦᠯᠡᠳᠡᠭᠡᠬᠦ ᠭᠠᠷᠴᠠᠭ ( 2024 ᠣᠨ ᠤ ᠬᠡᠪᠯᠡᠯ ) 》 ᠪᠠ 《 ᠲᠦᠴᠢᠦᠸᠠᠨ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠬᠦᠴᠦᠨ ᠥᠬᠡᠶ ᠪᠣᠯᠭᠠᠬᠤ ᠭᠠᠷᠴᠠᠭ 》 ᠢ ᠨᠡᠶᠢᠲᠡᠯᠡᠪᠡ᠂ ᠪᠠᠰᠠ ᠳᠣᠣᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠶ  ᠃   ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ  ᠃ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠭᠦᠶᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠥᠬᠡᠶ ᠪᠣᠯ ᠬᠢᠵᠦ ᠪᠣᠯᠬᠤ ᠥᠬᠡᠶ ᠪᠠᠶᠢᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠪᠦᠬᠦᠨ ᠢ ᠨᠠᠷᠢᠨ ᠬᠠᠭᠤᠳᠠᠰᠤ ᠪᠠᠷ ᠬᠠᠮᠢᠶᠠᠷᠬᠤ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠬᠡ ᠶᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ  ᠃ ᠲᠦᠴᠢᠦᠸᠠᠨ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠲᠠᠩᠰᠠ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠤᠨ ᠢᠵᠢ ᠪᠥᠷᠢᠳᠦᠭᠰᠡᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ  ᠶᠢᠨ ᠦᠶᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠦᠷᠲᠡᠯ᠎ᠡ ᠬᠥᠳᠡᠯᠦᠩᠭᠦᠶ ᠪᠠᠷ ᠨᠠᠶᠢᠳᠠᠪᠤᠷᠢᠵᠢᠭᠤᠯᠬᠤ ᠬᠡᠷᠡᠭᠲᠡᠶ  ᠃   ᠬᠤᠶᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ  ᠃ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ ᠪᠠᠷ ᠠᠷᠭ᠎ᠠ ᠪᠠᠷᠢᠯ ᠪᠣᠯᠭᠠᠵᠤ᠂ ᠡᠷᠬᠡ ᠶᠢ ᠳᠣᠷᠣᠭᠰᠢ ᠪᠠᠭᠤᠯᠭᠠᠵᠤ ᠴᠢᠳᠠᠮᠵᠢ ᠣᠯᠭᠤᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠪᠦᠲᠦᠮᠵᠢᠲᠡᠶ ᠵᠠᠰᠠᠭ ᠤᠨ ᠣᠷᠳᠣᠨ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠤᠨ᠎ᠠ  ᠃ ᠡᠯ᠎ᠡ ᠰᠠᠯᠠᠭ᠎ᠠ ᠮᠥᠴᠢᠷ ᠤᠳ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠪᠠᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠪ ᠴᠢᠩᠭ᠎ᠠ ᠴᠢᠨᠠᠷ ᠢ ᠦᠨᠡᠨᠬᠦ ᠬᠠᠮᠠᠭᠠᠯᠠᠬᠤ ᠬᠡᠷᠡᠭᠲᠡᠶ  ᠃ ᠰᠢᠶᠠᠨ ᠤ ᠱᠠᠲᠤᠨ ᠤ ᠬᠦᠴᠦᠨ ᠥᠬᠡᠶ ᠪᠣᠯᠭᠠᠬᠤ ᠵᠦᠶᠯᠡᠰ ᠢ ᠵᠠᠷᠯᠠᠨ ᠨᠡᠶᠢᠲᠡᠯᠡᠭᠰᠡᠨ ᠤ ᠳᠠᠷᠠᠭ᠎ᠠ ᠡᠯ᠎ᠡ ᠰᠠᠯᠠᠭ᠎ᠠ ᠮᠥᠴᠢᠷ ᠨᠠᠷᠢᠨ ᠲᠠᠩᠰᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠵᠤ᠂ ᠬᠦᠴᠦᠨ ᠥᠬᠡᠶ ᠪᠣᠯᠭᠠᠬᠤ ᠵᠦᠶᠯᠡᠰ ᠢ ᠳᠠᠯᠳᠠ ᠶᠠᠪᠤᠴᠠ ᠪᠣᠯᠭᠠᠨ ᠲᠠᠯᠪᠢᠬᠤ᠂ ᠳᠠᠯᠳᠠᠭᠤᠷ ᠨᠥᠬᠦᠪᠥᠷᠢᠯᠡᠬᠦ᠂ ᠳᠠᠯᠳᠠᠭᠤᠷ ᠦᠯᠡᠳᠡᠭᠡᠬᠦ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠡᠷᠬᠡ ᠶᠢ ᠳᠣᠷᠣᠭᠰᠢ ᠪᠠᠭᠤᠯᠭᠠᠵᠤ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ  ᠃ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠲᠣᠳᠣᠷᠬᠠᠶ ᠬᠦᠴᠦᠨ ᠥᠬᠡᠶ ᠪᠣᠯᠭᠠᠭᠰᠠᠨ ᠵᠦᠶᠯᠡᠰ ᠢ ᠴᠥᠮ ᠳᠠᠭᠢᠵᠤ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ︔ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠥᠬᠡᠶ ᠪᠣᠯᠭᠠᠭᠰᠠᠨ ᠪᠣᠯᠪᠠᠴᠤ ᠮᠥᠨ ᠬᠢᠨᠠᠨ ᠬᠠᠮᠢᠶᠠᠷᠬᠤ ᠴᠢᠬᠤᠯᠠᠲᠠᠶ ᠵᠦᠶᠯᠡᠰ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ  ᠨᠢ 《 ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ 》 ( ᠲᠥᠷᠥ ᠲᠠᠷᠬᠠᠭᠠᠭᠰᠠᠨ 201918 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠬᠤᠭᠤᠰᠣᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ  ᠃   ᠭᠤᠷᠪᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ  ᠃ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠨ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠥᠬᠦᠮ ᠪᠣᠯᠭᠠᠬᠤ  ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ 《 ᠨᠢᠭᠡ ᠰᠦᠯᠵᠢᠶ᠎ᠡ  ᠪᠠᠷ ᠨᠡᠶᠢᠳᠡᠮ ᠭᠦᠶᠴᠡᠳᠬᠡᠬᠦ 》 ᠶᠢ ᠶᠡᠬᠡᠪᠡᠷ ᠠᠬᠢᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠶᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠦᠨ᠎ᠡ  ᠃ ᠰᠢᠶᠠᠨ ᠤ ᠱᠠᠲᠤᠨ ᠤ ᠡᠯ᠎ᠡ ᠰᠠᠯᠠᠭ᠎ᠠ ᠮᠥᠴᠢᠷ ᠨᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ  ᠤᠨ ᠳᠣᠲᠣᠷ᠎ᠠ᠂ ᠲᠣᠰ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ( ᠲᠦᠴᠢᠦᠸᠠᠨ ᠰᠢᠶᠠᠨ ) ᠳᠤ ᠲᠣᠰ ᠰᠠᠯᠠᠭ᠎ᠠ ᠮᠥᠴᠢᠷ ᠤᠨ ᠢᠶᠠᠨ ᠬᠠᠮᠤᠭ ᠤᠨ ᠰᠢᠨ᠎ᠡ ᠪᠦᠷᠢᠨ ᠪᠦᠲᠦᠨ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ( ᠡᠷᠬᠡ ᠶᠢᠨ ᠨᠡᠷᠡᠶᠢᠳᠦᠯ᠂ ᠲᠥᠷᠥᠯ ᠢᠯᠭᠠᠯ᠂ ᠬᠠᠷᠢᠭᠤᠴᠠᠯᠭ᠎ᠠ ᠶᠢᠨ ᠭᠤᠤᠯ ᠴᠣᠭᠴᠠ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠵᠦᠶᠯᠡᠰ᠂ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠠᠭᠤᠯᠭ᠎ᠠ ᠶᠢ ᠪᠠᠭᠲᠠᠭᠠᠨ᠎ᠠ ) ᠶᠢ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠪᠥᠬᠦ ᠲᠠᠯ᠎ᠠ ᠪᠠᠷ ᠬᠦᠯᠢᠶᠡᠬᠦ ᠬᠡᠷᠡᠭᠲᠡᠶ︔ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠯᠦᠭᠡ ᠵᠣᠯᠭᠠᠭᠤᠯᠵᠤ᠂ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠰ ᠳᠠᠷᠠᠭᠠᠯᠠᠯ ᠢ ᠳᠥᠭᠦᠮᠴᠢᠯᠡᠵᠦ᠂ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ᠂ ᠮᠠᠲ᠋ᠧᠷᠢᠶᠠᠯ ᠴᠠᠭ ᠲᠤᠬᠠᠶ ᠳᠤᠨᠢ ᠭᠦᠶᠴᠡᠳᠬᠡᠬᠦ ᠶᠢ ᠪᠠᠭᠠᠰᠬᠠᠨ᠎ᠠ  ᠃   ᠳᠠᠭᠠᠯᠳᠤᠭᠤᠯᠤᠯ᠄ ᠲᠦᠴᠢᠦᠸᠠᠨ ᠰᠢᠶᠠᠨ ᠤ ᠲᠤᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ  ᠶᠢᠨ ᠲᠣᠳᠣᠷᠬᠠᠢ ᠬᠠᠭᠤᠳᠠᠰᠤ ᠶᠢ ᠦᠯᠡᠳᠡᠭᠡᠬᠦ ᠭᠠᠷᠴᠠᠭ ᠵᠢᠴᠢ ᠬᠦᠴᠦᠨ ᠦᠭᠡᠢ ᠪᠣᠯᠭᠠᠬᠤ ᠭᠠᠷᠴᠠᠭ . xlsx  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号