ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ | ᠄ | 《 ᠲᠦᠴᠢᠦᠸᠠᠨ ᠰᠢᠶᠠᠨ ᠤ 2024 ᠣᠨ ᠤ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠤᠨ | ᠬᠡᠷᠡᠭᠵᠢᠭᠦᠯᠬᠦ ᠲᠥᠰᠦᠯ 》 ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ ᠃ | 2024 ᠣᠨ ᠤ 5 ᠰᠠᠷ᠎ᠠ ᠶᠢᠨ 17 ᠤ ᠡᠳᠦᠷ | | ᠲᠦᠴᠢᠦᠸᠠᠨ ᠰᠢᠶᠠᠨ ᠤ 2024 ᠣᠨ ᠤ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠤᠨ | ᠬᠡᠷᠡᠭᠵᠢᠭᠦᠯᠬᠦ ᠲᠥᠰᠦᠯ ᠃ᠬᠠᠪᠤᠷ ᠤᠨ ᠤᠯᠠᠷᠢᠯ ᠪᠣᠯ ᠬᠤᠯᠤᠭᠠᠨ᠎ᠠ ᠶᠢᠨ ᠬᠢᠵᠢᠭ ᠣᠯᠠᠨ ᠡᠭᠦᠰᠬᠦ ᠤᠯᠠᠷᠢᠯ ᠪᠣᠯᠤᠨ᠎ᠠ | ᠂ ᠪᠥᠬᠦ ᠰᠢᠶᠠᠨ ᠤ ᠬᠤᠯᠤᠭᠠᠨ᠎ᠠ ᠤᠰᠠᠳᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠯᠤᠭᠠᠨ᠎ᠠ ᠶᠢᠨ | ᠬᠠᠯᠳᠠᠪᠤᠷᠢᠯᠠᠬᠤ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠨ ᠬᠢᠵᠠᠭᠠᠷᠯᠠᠵᠤ᠂ ᠡᠪᠡᠳᠴᠢᠨ ᠤ ᠵᠠᠭᠤᠴᠢ ᠠᠮᠢᠳᠤ | ᠪᠣᠳᠠᠰ ᠤᠨ ᠰᠡᠷᠭᠡᠶᠢᠯᠡᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ ᠃ | | ᠨᠢᠭᠡ᠂ ᠵᠢᠯᠣᠭᠤᠳᠬᠤ ᠦᠵᠡᠯ ᠰᠠᠨᠠᠭ᠎ᠠ | 《 ᠵᠠᠰᠠᠭ ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠬᠡᠰᠡᠭ ᠬᠤᠪᠢᠶᠠᠨ ᠬᠠᠷᠢᠭᠤᠴᠠᠬᠤ | 》 ᠶᠢ ᠬᠠᠷᠢᠯᠴᠠᠨ ᠤᠶᠠᠯᠳᠤᠭᠤᠯᠤᠭᠰᠠᠨ ᠬᠤᠯᠤᠭᠠᠨ᠎ᠠ ᠤᠰᠠᠳᠬᠠᠬᠤ ᠵᠠᠷᠴᠢᠮ ᠢ ᠪᠠᠷᠢᠮᠲᠠᠯᠠᠨ᠂ 《 ᠴᠠᠭ | ᠬᠤᠭᠤᠴᠠᠭ᠎ᠠ ᠶᠢ ᠨᠢᠭᠡᠳᠬᠡᠬᠦ᠂ ᠪᠠᠷᠢᠮᠵᠢᠶ᠎ᠠ ᠶᠢ ᠨᠢᠭᠡᠳᠬᠡᠬᠦ᠂ ᠠᠷᠭ᠎ᠠ ᠶᠢ ᠨᠢᠭᠡᠳᠬᠡᠬᠦ᠂ ᠨᠢᠭᠡᠳᠦᠯᠲᠡᠶ ᠰᠢᠯᠭᠠᠨ ᠠᠪᠬᠤ | 》 ᠠᠵᠢᠯ ᠤᠨ ᠠᠷᠭ᠎ᠠ ᠶᠢ ᠪᠠᠷᠢᠮᠲᠠᠯᠠᠵᠤ᠂ ᠬᠡᠭᠡᠷ᠎ᠡ ᠭᠠᠳᠠᠨ᠎ᠠ ᠬᠤᠯᠤᠭᠠᠨ᠎ᠠ ᠤᠰᠠᠳᠬᠠᠬᠤ ᠪᠠᠷ ᠭᠤᠣᠯ ᠪᠣᠯᠭᠠᠨ᠂ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠᠷ ᠭᠤᠣᠯᠳᠠᠯᠭ᠎ᠠ ᠪᠣᠯᠭᠠᠵᠤ᠂ ᠬᠠᠪᠤᠷ ᠤᠨ ᠤᠯᠠᠷᠢᠯ ᠤᠨ ᠬᠤᠯᠤᠭᠠᠨ᠎ᠠ | ᠤᠰᠠᠳᠬᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠃ | ᠬᠤᠶᠠᠷ᠂ ᠠᠵᠢᠯ ᠤᠨ ᠬᠠᠷᠠᠯᠲᠠ ᠃ᠬᠠᠪᠤᠷ ᠤᠨ ᠤᠯᠠᠷᠢᠯ ᠳᠤ ᠬᠤᠯᠤᠭᠠᠨ᠎ᠠ ᠤᠰᠠᠳᠬᠠᠬᠤ ᠠᠵᠢᠯ ᠢ ᠥᠷᠨᠢᠭᠦᠯᠬᠦ | ᠪᠠᠷ ᠳᠠᠮᠵᠢᠭᠤᠯᠤᠨ᠂ ᠬᠡᠭᠡᠷ᠎ᠡ ᠶᠢᠨ ᠬᠤᠯᠤᠭᠠᠨ᠎ᠠ ᠶᠢᠨ ᠨᠢᠭᠲᠠᠴᠠ ᠶᠢ 1 / 10 ᠾᠧᠺᠲ᠋ᠠᠷ ᠠᠴᠠ ᠳᠣᠷᠣᠭᠰᠢ | ᠬᠢᠵᠠᠭᠠᠷᠯᠠᠨ᠂ ᠨᠡᠶᠢᠭᠡᠮ ᠲᠣᠭᠤᠷᠢᠭ ᠤᠨ ᠠᠶᠢᠯ ᠲᠣᠰᠬᠤᠨ ᠤ ᠬᠤᠯᠤᠭᠠᠨ᠎ᠠ ᠶᠢᠨ ᠨᠢᠭᠲᠠᠴᠠ ᠶᠢ ᠦᠷᠭᠦᠯᠵᠢᠯᠡᠨ | ᠪᠠᠭᠤᠷᠠᠭᠤᠯᠵᠤ᠂ ᠬᠤᠯᠤᠭᠠᠨ᠎ᠠ ᠶᠢᠨ ᠬᠢᠵᠢᠭ ᠡᠭᠦᠰᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ ᠃ | ᠭᠤᠷᠪᠠ᠂ ᠡᠭᠦᠷᠭᠡ ᠶᠢᠨ ᠠᠵᠢᠯ ᠤᠨ ᠬᠤᠪᠢᠶᠠᠷᠢᠯᠠᠯ | 1 . ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠬᠤᠯᠤᠭᠠᠨ᠎ᠠ ᠬᠢᠵᠢᠭ ᠤᠨ ᠪᠠᠶᠢᠳᠠᠯ ᠢ ᠬᠢᠨᠠᠨ | ᠬᠡᠮᠵᠢᠬᠦ᠂ ᠬᠤᠯᠤᠭᠠᠨ᠎ᠠ ᠤᠰᠠᠳᠬᠠᠬᠤ ᠡᠮ ᠤᠨ ᠵᠦᠢᠯ ᠲᠠᠷᠬᠠᠭᠠᠬᠤ ᠬᠢᠭᠡᠳ ᠬᠤᠯᠤᠭᠠᠨ᠎ᠠ ᠤᠰᠠᠳᠬᠠᠬᠤ ᠶᠢ | ᠵᠢᠯᠣᠭᠤᠳᠬᠤ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ ᠃ | 2 . ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠠᠭᠤᠳᠠᠮ | ᠲᠠᠯᠠᠪᠠᠶ᠂ ᠴᠡᠴᠡᠷᠯᠢᠭ᠂ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠶᠢᠨ ᠪᠦᠰᠡ᠂ ᠬᠤᠭ ᠨᠣᠪᠰᠢ ᠪᠤᠯᠠᠬᠤ ᠲᠠᠯᠠᠪᠠᠶ | ᠂ ᠬᠤᠭ ᠨᠣᠪᠰᠢ ᠳᠠᠮᠵᠢᠭᠤᠯᠬᠤ ᠥᠷᠲᠡᠭᠡ᠂ ᠣᠯᠠᠨ ᠨᠡᠶᠢᠲᠡ ᠶᠢᠨ ᠵᠣᠷᠯᠣᠩ ᠵᠡᠷᠭᠡ ᠭᠠᠵᠠᠷ ᠤᠨ ᠬᠤᠯᠤᠭᠠᠨ᠎ᠠ | ᠤᠰᠠᠳᠬᠠᠬᠤ ᠠᠵᠢᠯ ᠢ ᠰᠠᠶᠢᠲᠤᠷ ᠠᠳᠬᠤᠬᠤ ᠶᠢ ᠬᠠᠷᠢᠭᠤᠴᠠᠨ᠎ᠠ ᠃ | 3 . ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠨᠢᠭᠡᠴᠡ ᠵᠡᠷᠭᠡ ᠬᠢᠨᠠᠯᠲᠠ ᠬᠠᠮᠢᠶᠠᠷᠤᠯᠲᠠ ᠶᠢᠨ ᠨᠢᠭᠡᠴᠡ ᠶᠢᠨ ᠬᠤᠯᠤᠭᠠᠨ᠎ᠠ | ᠤᠰᠠᠳᠬᠠᠬᠤ ᠠᠵᠢᠯ ᠢ ᠬᠠᠷᠢᠭᠤᠴᠠᠨ ᠰᠠᠶᠢᠲᠤᠷ ᠠᠳᠬᠤᠬᠤ ᠬᠡᠷᠡᠭᠲᠡᠶ ᠃ | 4 . ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠠᠷᠢᠶᠠᠯᠠᠭᠳᠠᠬᠤ ᠨᠢᠭᠡᠴᠡ ᠪᠣᠯᠤᠨ ᠵᠤᠭ᠎ᠠ | ᠴᠡᠩᠭᠡᠯ ᠤᠨ ᠠᠵᠢᠯ ᠲᠥᠷᠥᠯ ᠵᠡᠷᠭᠡ ᠬᠢᠨᠠᠯᠲᠠ ᠬᠠᠮᠢᠶᠠᠷᠤᠯᠲᠠ ᠶᠢᠨ ᠨᠢᠭᠡᠴᠡ ᠶᠢᠨ ᠬᠤᠯᠤᠭᠠᠨ᠎ᠠ ᠤᠰᠠᠳᠬᠠᠬᠤ ᠠᠵᠢᠯ | ᠢ ᠰᠠᠶᠢᠲᠤᠷ ᠠᠳᠬᠤᠬᠤ ᠶᠢ ᠬᠠᠷᠢᠭᠤᠴᠠᠬᠤ ᠬᠡᠷᠡᠭᠲᠡᠶ ᠃ | 5 . ᠵᠠᠮ ᠬᠠᠷᠢᠯᠴᠠᠭᠠᠨ ᠤ ᠲᠣᠪᠴᠢᠶ᠎ᠠ ᠲᠡᠷᠭᠡᠨ ᠥᠷᠲᠡᠭᠡ ᠵᠡᠷᠭᠡ ᠴᠣᠩᠬᠤ ᠨᠢᠭᠡᠴᠡ ᠶᠢᠨ ᠬᠤᠯᠤᠭᠠᠨ᠎ᠠ | ᠤᠰᠠᠳᠬᠠᠬᠤ ᠠᠵᠢᠯ ᠢ ᠬᠠᠷᠢᠭᠤᠴᠠᠨ ᠰᠠᠶᠢᠲᠤᠷ ᠠᠳᠬᠤᠬᠤ ᠬᠡᠷᠡᠭᠲᠡᠶ ᠃ | 6 . ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠭᠠᠭᠤᠯᠢ ᠶᠢᠨ ᠬᠤᠯᠤᠭᠠᠨ᠎ᠠ ᠤᠰᠠᠳᠬᠠᠬᠤ ᠠᠵᠢᠯ ᠢ | ᠰᠠᠶᠢᠲᠤᠷ ᠠᠳᠬᠤᠬᠤ ᠶᠢ ᠬᠠᠷᠢᠭᠤᠴᠠᠬᠤ ᠬᠡᠷᠡᠭᠲᠡᠶ ᠃ | 7 . ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠬᠠᠷᠢᠶ᠎ᠠ ᠨᠢᠭᠡᠴᠡ ᠵᠢᠴᠢ ᠡᠯ᠎ᠡ ᠲᠥᠷᠥᠯ ᠤᠨ ᠠᠮᠤ | ᠪᠤᠳᠠᠭᠠᠨ ᠤ ᠬᠥᠮᠥᠷᠭᠡ ᠶᠢᠨ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠠᠳᠬᠤᠬᠤ ᠶᠢ ᠬᠠᠷᠢᠭᠤᠴᠠᠨ᠎ᠠ ᠃ | 8 . ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠬᠠᠷᠢᠶ᠎ᠠ ᠪᠦᠬᠦᠢ ᠨᠢᠭᠡᠴᠡ ᠵᠢᠴᠢ ᠲᠠᠷᠢᠶᠠᠨ ᠭᠠᠵᠠᠷ | ᠤᠨ ᠬᠤᠯᠤᠭᠠᠨ᠎ᠠ ᠤᠰᠠᠳᠬᠠᠬᠤ ᠠᠵᠢᠯ ᠢ ᠬᠠᠷᠢᠭᠤᠴᠠᠨ ᠰᠠᠶᠢᠲᠤᠷ ᠠᠳᠬᠤᠬᠤ ᠬᠡᠷᠡᠭᠲᠡᠶ ᠃ | 9 . ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠬᠠᠷᠢᠶ᠎ᠠ ᠪᠦᠬᠦᠢ ᠨᠢᠭᠡᠴᠡ ᠵᠢᠴᠢ ᠰᠢᠭᠤᠶᠢᠲᠤ ᠣᠷᠣᠨ | ᠤ ᠨᠤᠲᠤᠭ ᠪᠡᠯᠴᠢᠭᠡᠷ ᠤᠨ ᠢᠶᠠᠨ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠠᠳᠬᠤᠬᠤ ᠶᠢ ᠬᠠᠷᠢᠭᠤᠴᠠᠬᠤ | ᠬᠡᠷᠡᠭᠲᠡᠶ ᠃ | 10 . ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠷᠢᠶ᠎ᠠ ᠪᠦᠬᠦᠢ ᠨᠢᠭᠡᠴᠡ ᠵᠢᠴᠢ ᠡᠯ᠎ᠡ ᠬᠠᠶᠠᠭᠳᠠᠮᠠᠯ ᠡᠳ᠋ | ᠬᠤᠳᠠᠯᠳᠤᠨ ᠠᠪᠬᠤ ᠥᠷᠲᠡᠭᠡ ᠴᠢᠭ ᠤᠨ ᠬᠤᠯᠤᠭᠠᠨ᠎ᠠ ᠤᠰᠠᠳᠬᠠᠬᠤ ᠠᠵᠢᠯ ᠢ ᠬᠠᠷᠢᠭᠤᠴᠠᠨ ᠰᠠᠶᠢᠲᠤᠷ ᠠᠳᠬᠤᠬᠤ | ᠬᠡᠷᠡᠭᠲᠡᠶ ᠃ | 11 . ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠶ᠎ᠠ ᠪᠦᠬᠦᠢ ᠨᠢᠭᠡᠴᠡ ᠶᠢᠨ ᠢᠶᠠᠨ | ᠬᠤᠯᠤᠭᠠᠨ᠎ᠠ ᠤᠰᠠᠳᠬᠠᠬᠤ ᠠᠵᠢᠯ ᠢ ᠬᠠᠷᠢᠭᠤᠴᠠᠨ ᠰᠠᠶᠢᠲᠤᠷ ᠠᠳᠬᠤᠬᠤ ᠬᠡᠷᠡᠭᠲᠡᠶ ᠃ | 12 . ᠡᠯ᠎ᠡ ᠰᠢᠶᠠᠩ ᠪᠠᠯᠭᠠᠰᠤ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠬᠠᠷᠢᠶ᠎ᠠ ᠣᠷᠣᠨ ᠤ | ᠪᠠᠨ ᠨᠡᠶᠢᠭᠡᠮ ᠲᠣᠭᠤᠷᠢᠭ ᠤᠨ ᠠᠶᠢᠯ ᠲᠣᠰᠬᠤᠨ ᠤ ᠬᠤᠯᠤᠭᠠᠨ᠎ᠠ ᠤᠰᠠᠳᠬᠠᠬᠤ ᠠᠵᠢᠯ ᠢ ᠬᠠᠷᠢᠭᠤᠴᠠᠵᠤ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠢ | ᠬᠠᠮᠵᠢᠯᠴᠠᠨ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ ᠃ | ᠳᠥᠷᠪᠡ᠂ ᠴᠠᠭ ᠤᠨ ᠲᠣᠬᠢᠷᠠᠭᠤᠯᠤᠯᠲᠠ ᠃( ᠨᠢᠭᠡ ) ᠤᠬᠠᠭᠤᠯᠤᠨ ᠳᠠᠶᠢᠴᠢᠯᠠᠬᠤ ᠱᠠᠲᠤ ᠦᠶ᠎ᠡ ( 3 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ) | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠤᠰ ᠰᠢᠶᠠᠩ ᠪᠠᠯᠭᠠᠰᠤ᠂ ᠲᠤᠰ ᠰᠢᠰᠲ᠋ᠧᠮ ᠤᠨ ᠢᠶᠠᠨ | ᠬᠤᠯᠤᠭᠠᠨ᠎ᠠ ᠤᠰᠠᠳᠬᠠᠬᠤ ᠪᠣᠳᠠᠲᠠᠶ ᠲᠥᠰᠦᠯ ᠢᠶᠠᠨ ᠲᠣᠭᠲᠠᠭᠠᠵᠤ᠂ ᠤᠷᠢᠶ᠎ᠠ ᠯᠣᠽᠦ᠋ᠩ ᠤᠨ ᠬᠥᠨᠳᠡᠯᠡᠨ ᠪᠢᠴᠢᠭᠡᠰᠦ | ᠂ ᠤᠬᠠᠭᠤᠯᠭ᠎ᠠ ᠶᠢᠨ ᠬᠡᠪᠯᠡᠯ᠂ ᠤᠬᠠᠭᠤᠯᠭ᠎ᠠ ᠶᠢᠨ ᠬᠠᠭᠤᠳᠠᠰᠤ᠂ ᠲᠤᠬᠠᠶ ᠶᠢᠨ ᠭᠠᠵᠠᠷ ᠲᠤᠨᠢ ᠯᠠᠪᠯᠠᠯᠭ᠎ᠠ ᠬᠢᠬᠦ ᠵᠡᠷᠭᠡ | ᠣᠯᠠᠨ ᠵᠦᠢᠯ ᠤᠨ ᠬᠡᠯᠪᠡᠷᠢ ᠮᠠᠶ ᠢᠭ ᠢ ᠭᠦᠢᠴᠡᠳ ᠠᠰᠢᠭᠯᠠᠨ᠂ ᠬᠤᠯᠤᠭᠠᠨ᠎ᠠ ᠤᠰᠠᠳᠬᠠᠬᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠬᠦ ᠶᠢᠨ ᠬᠠᠮᠲᠤ ᠬᠤᠯᠤᠭᠠᠨ᠎ᠠ ᠤᠰᠠᠳᠬᠠᠬᠤ ᠠᠴᠠ ᠡᠮᠦᠨᠡᠬᠢ ᠮᠡᠷᠭᠡᠵᠢᠯ ᠤᠨ ᠪᠣᠯᠪᠠᠰᠤᠷᠠᠭᠤᠯᠤᠯ | ᠤᠨ ᠠᠵᠢᠯ ᠢ ᠰᠠᠶᠢᠲᠤᠷ ᠬᠢᠬᠦ ᠬᠡᠷᠡᠭᠲᠡᠶ ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠬᠤᠯᠤᠭᠠᠨ᠎ᠠ ᠤᠰᠠᠳᠬᠠᠬᠤ ᠡᠮ ᠨᠠᠶᠢᠷᠠᠭᠤᠯᠬᠤ᠂ | ᠬᠤᠪᠢᠶᠠᠨ ᠲᠠᠷᠬᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠨ᠎ᠠ ᠃ | ( ᠬᠤᠶᠠᠷ ) ᠲᠥᠪᠯᠡᠷᠡᠭᠦᠯᠦᠨ ᠬᠡᠷᠡᠭᠵᠢᠭᠦᠯᠬᠦ ᠱᠠᠲᠤ ᠦᠶ᠎ᠡ ( 4 ᠳ᠋ᠦ᠋ᠭᠡᠷ ᠰᠠᠷ᠎ᠠ 6 ᠳ᠋ᠤᠭᠠᠷ ᠰᠠᠷ᠎ᠠ ) 《 br | / 》 ᠃ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠠᠷᠢᠶ᠎ᠠ ᠣᠷᠣᠨ ᠤ ᠪᠠᠨ 《 ᠳᠥᠷᠪᠡᠨ ᠨᠢᠭᠡᠳᠦᠯᠲᠡᠶ 》 ᠶᠢ | ᠲᠥᠪᠯᠡᠷᠡᠭᠦᠯᠦᠨ ᠬᠤᠯᠤᠭᠠᠨ᠎ᠠ ᠤᠰᠠᠳᠬᠠᠬᠤ ᠶᠢ ᠪᠡᠶᠡᠯᠡᠭᠦᠯᠵᠦ᠂ ᠨᠡᠯᠢᠶᠡᠳ ᠣᠬᠤᠷ ᠬᠤᠭᠤᠴᠠᠭᠠᠨ ᠳᠣᠲᠣᠷ᠎ᠠ | ᠨᠡᠯᠢᠶᠡᠳ ᠬᠠᠨᠤᠮᠵᠢᠲᠠᠶ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ᠬᠥᠳᠡᠭᠡ ᠲᠣᠰᠬᠤᠨ ᠤ ᠬᠤᠭ | ᠨᠣᠪᠰᠢ ᠶᠢ ᠲᠥᠷᠥᠯ ᠬᠤᠪᠢᠶᠠᠨ ᠵᠠᠰᠠᠬᠤ ᠵᠡᠷᠭᠡ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠢ | ᠳᠠᠶᠢᠴᠢᠯᠠᠵᠤ᠂ ᠰᠠᠩ ᠬᠥᠮᠥᠷᠭᠡ ᠶᠢ ᠴᠡᠪᠡᠷᠯᠡᠨ᠂ ᠪᠣᠶ ᠪᠥᠬᠦᠶ ᠨᠦᠬᠡ ᠶᠢ ᠪᠥᠭᠯᠡᠵᠦ᠂ ᠬᠤᠭ ᠨᠣᠪᠰᠢ ᠶᠢ | ᠤᠭᠤᠲᠠᠯᠠᠨ ᠪᠣᠭᠤᠳᠠᠯᠯᠠᠬᠤ ᠶᠢ ᠬᠡᠷᠡᠭᠵᠢᠭᠦᠯᠦᠨ᠂ ᠬᠤᠯᠤᠭᠠᠨ᠎ᠠ ᠶᠢ ᠦᠷᠡᠵᠢᠭᠦᠯᠦᠨ ᠤᠷᠭᠤᠭᠤᠯᠬᠤ ᠣᠷᠴᠢᠨ | ᠲᠣᠭᠤᠷᠢᠨ ᠢ ᠴᠠᠭ ᠲᠤᠬᠠᠶ ᠳᠤᠨᠢ ᠴᠡᠪᠡᠷᠯᠡᠨ ᠠᠷᠢᠯᠭᠠᠨ᠎ᠠ᠃ ᠬᠤᠤᠷᠲᠤ ᠥᠭᠶᠥᠭᠡ ᠲᠠᠯᠪᠢᠬᠤ ᠥᠷᠲᠡᠭᠡ᠂ ᠬᠤᠤᠷᠲᠤ | ᠥᠭᠶᠥᠭᠡ ᠲᠠᠯᠪᠢᠬᠤ ᠬᠠᠶᠢᠷᠴᠠᠭ ᠵᠡᠷᠭᠡ ᠬᠤᠯᠤᠭᠠᠨ᠎ᠠ ᠶᠢᠨ ᠡᠮ ᠢ ᠲᠠᠯᠪᠢᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠯᠤᠭᠠᠨ᠎ᠠ ᠶᠢᠨ ᠡᠮ ᠢ ᠲᠠᠯᠪᠢᠬᠤ ᠳᠤ ᠠᠮᠤᠷ ᠲᠦᠪᠰᠢᠨ ᠦᠷ᠎ᠡ | ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠪᠦᠷᠢᠯᠭᠡᠨ ᠰᠦᠶᠳᠬᠡᠬᠦ ᠠᠴᠠ ᠵᠠᠶᠢᠯᠠᠰᠬᠢᠬᠦ ᠬᠡᠷᠡᠭᠲᠡᠶ ᠃ | ( ᠭᠤᠷᠪᠠ ) ᠳ᠋ᠦᠩᠨᠡᠵᠦ ᠰᠢᠯᠭᠠᠨ ᠠᠪᠬᠤ ᠱᠠᠳᠤ ( 7 ᠰᠠᠷ᠎ᠠ 9 ᠰᠠᠷ᠎ᠠ ) ᠃ᠬᠤᠯᠤᠭᠠᠨ᠎ᠠ ᠤᠰᠠᠳᠬᠠᠭᠰᠠᠨ ᠤ | ᠳᠠᠷᠠᠭ᠎ᠠ᠂ ᠣᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠵᠢᠯ | ᠢ ᠪᠡᠶᠡᠯᠡᠭᠦᠯᠵᠦ᠂ ᠲᠣᠰ ᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢ ᠰᠢᠯᠭᠠᠨ ᠬᠢᠨᠠᠵᠤ ᠰᠢᠯᠭᠠᠨ ᠠᠪᠬᠤ | ᠶᠢ ᠰᠠᠶᠢᠲᠤᠷ ᠪᠡᠶᠡᠯᠡᠭᠦᠯᠵᠦ᠂ ᠰᠡᠷᠭᠡᠶᠢᠯᠡᠨ ᠡᠵᠡᠮᠳᠡᠭᠰᠡᠨ ᠦᠷ᠎ᠡ ᠳ᠋ᠦᠩ ᠢ ᠳ᠋ᠦᠩᠨᠡᠵᠦ᠂ ᠰᠡᠷᠭᠡᠶᠢᠯᠡᠨ ᠡᠵᠡᠮᠳᠡᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ | ᠲᠠᠪᠤ᠂ ᠮᠡᠷᠭᠡᠵᠢᠯ ᠤᠨ ᠪᠠᠷᠢᠮᠵᠢᠶ᠎ᠠ | ᠨᠢᠭᠡ ᠬᠤᠯᠤᠭᠠᠨ᠎ᠠ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠃ᠥᠷᠥᠭᠡᠨ | ᠳᠣᠲᠣᠷᠠᠬᠢ ᠠᠯᠢᠪᠠ ᠤᠰᠤ ᠵᠠᠯᠠᠬᠤ ᠬᠤᠭᠤᠯᠠᠶ᠂ ᠤᠰᠤ ᠵᠠᠯᠠᠬᠤ ᠰᠤᠪᠠᠭ᠂ ᠰᠠᠯᠬᠢ ᠨᠡᠪᠲᠡᠷᠡᠭᠦᠯᠬᠦ ᠠᠮᠠᠰᠠᠷ᠂ ᠠᠭᠠᠷ | ᠰᠣᠯᠢᠬᠤ ᠰᠡᠩᠰᠡ ᠶᠢᠨ ᠠᠮᠠᠰᠠᠷ ᠵᠡᠷᠭᠡ ᠭᠠᠵᠠᠷ ᠲᠤ ᠨᠡᠭᠡᠭᠡᠴᠡ ᠨᠢ 1 . 3 ᠰᠠᠨᠲ᠋ᠢᠮᠧᠲᠷ ᠠᠴᠠ ᠪᠠᠭ᠎ᠠ ᠬᠤᠯᠤᠭᠠᠨ᠎ᠠ | ᠰᠡᠷᠭᠡᠶᠢᠯᠡᠬᠦ ᠲᠡᠮᠦᠷ ᠲᠣᠣᠷ ᠨᠡᠮᠡᠬᠦ ᠶᠢ ᠱᠠᠭᠠᠷᠳᠠᠨ᠎ᠠ︔ ᠭᠡᠷ ᠳᠣᠲᠣᠷᠠᠬᠢ ᠬᠡᠷᠡᠮ ᠤᠨ ᠭᠠᠳᠠᠨ᠎ᠠ ᠨᠡᠪᠲᠡᠷᠡᠬᠦ ᠠᠭᠠᠷ | ᠲᠣᠬᠢᠷᠠᠭᠤᠯᠬᠤ ᠤᠲᠠᠰᠤᠨ ᠬᠤᠭᠤᠯᠠᠢ᠂ ᠤᠰᠤᠨ ᠬᠤᠭᠤᠯᠠᠢ ᠶᠢᠨ ᠨᠦᠬᠡ ᠵᠢᠴᠢ ᠪᠤᠰᠤᠳ ᠬᠤᠭᠤᠯᠠᠢ ᠶᠢᠨ ᠬᠠᠵᠠᠭᠤ | ᠵᠠᠪᠰᠠᠷ ᠢ ᠪᠦᠷ ᠱᠦᠢᠨᠢ ᠪᠠᠷ ᠪᠢᠲᠡᠭᠦᠮᠵᠢᠯᠡᠬᠦ ᠬᠡᠷᠡᠭᠲᠡᠢ ᠃ ᠡᠭᠦᠳᠡ ᠴᠣᠩᠬᠤ ᠶᠢ ᠳᠡᠭᠡᠷ᠎ᠡ ᠳᠣᠣᠷ᠎ᠠ ᠨᠢ 0 . 6 | ᠰᠠᠨᠲ᠋ᠢᠮᠧᠳ᠋ᠷ ᠠᠴᠠ ᠪᠠᠭ᠎ᠠ ᠵᠠᠭᠠᠳᠠᠰᠤ ᠪᠠᠷ ᠣᠶᠣᠵᠤ᠂ ᠡᠭᠦᠳᠡᠨ ᠤ ᠳᠣᠣᠷ᠎ᠠ ᠲᠠᠯ᠎ᠠ ᠳᠤ 60 ᠰᠠᠨᠲ᠋ᠢᠮᠧᠳ᠋ᠷ ᠥᠨᠳᠥᠷ | ᠬᠤᠯᠤᠭᠠᠨ᠎ᠠ ᠬᠠᠰᠢᠬᠤ ᠬᠠᠪᠲᠠᠰᠤ ᠬᠢᠵᠦ᠂ ᠲᠡᠮᠦᠷ ᠢᠯᠲᠠᠰᠤ ᠪᠠᠷ ᠪᠠᠭᠯᠠᠨ᠎ᠠ ᠃ | ( ᠬᠤᠶᠠᠷ ) ᠬᠤᠤᠷᠲᠤ ᠡᠳ᠋ ᠤᠨ ᠥᠭᠶᠥᠭᠡ ᠶᠢᠨ ᠥᠷᠲᠡᠭᠡ ᠶᠢ ᠪᠠᠶᠢᠷᠢᠯᠠᠭᠤᠯᠬᠤ ᠱᠠᠭᠠᠷᠳᠠᠯᠭ᠎ᠠ | 1 . ᠤᠭᠰᠠᠷᠠᠵᠤ ᠪᠠᠶᠢᠭᠤᠯᠬᠤ ᠭᠠᠵᠠᠷ ᠃ ᠬᠤᠤᠷᠲᠤ ᠥᠭᠶᠥᠭᠡ ᠶᠢᠨ ᠥᠷᠲᠡᠭᠡ ᠶᠢ ᠬᠤᠯᠤᠭᠠᠨ᠎ᠠ ᠣᠷᠣᠰᠢᠨ | ᠠᠮᠢᠳᠤᠷᠠᠬᠤ᠂ ᠢᠳᠡᠰᠢ ᠠᠪᠬᠤ ᠪᠠ ᠦᠷᠭᠦᠯᠵᠢ ᠠᠵᠢᠯᠯᠠᠭ᠎ᠠ ᠬᠢᠬᠦ ᠲᠠᠯᠠᠪᠤᠷ ᠭᠠᠵᠠᠷ ᠲᠤ ᠪᠠᠶᠢᠭᠤᠯᠤᠨ᠎ᠠ᠂ | ᠭᠤᠤᠯᠳᠠᠯᠭ᠎ᠠ ᠨᠢ ᠢᠳᠡᠭᠡᠨ ᠤᠮᠳᠠᠭᠠᠨ ᠤ ᠠᠵᠢᠯ ᠲᠥᠷᠥᠯ᠂ ᠬᠤᠭᠤᠯᠠᠨ ᠬᠡᠷ᠂ ᠢᠳᠡᠭᠡᠨ ᠤ ᠬᠥᠮᠥᠷᠭᠡ᠂ ᠢᠳᠡᠭᠡᠨ | ᠪᠣᠯᠪᠠᠰᠤᠷᠠᠭᠤᠯᠬᠤ ᠦᠶᠯᠡᠳᠪᠦᠷᠢ᠂ ᠨᠡᠷᠡᠬᠦ ᠦᠶᠯᠡᠳᠪᠦᠷᠢ᠂ ᠠᠯᠠᠵᠤ ᠨᠢᠲᠤᠯᠬᠤ ᠦᠶᠯᠡᠳᠪᠦᠷᠢ᠂ ᠠᠮᠤ ᠪᠤᠳᠠᠭᠠᠨ ᠤ | ᠬᠥᠮᠥᠷᠭᠡ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠠᠶᠠᠨᠴᠢᠳ ᠤᠨ ᠲᠡᠷᠭᠡᠨ ᠥᠷᠲᠡᠭᠡ᠂ ᠲᠠᠷᠢᠶᠠᠯᠠᠩ | ᠠᠷᠠᠯᠵᠢᠶᠠᠨ ᠤ ᠵᠠᠬ᠎ᠠ ᠳᠡᠯᠭᠡᠭᠦᠷ᠂ ᠵᠢᠭᠦᠷᠲᠡᠨ ᠮᠠᠯ ᠢ ᠲᠡᠵᠢᠭᠡᠨ ᠦᠷᠡᠵᠢᠭᠦᠯᠬᠦ ᠲᠠᠯᠠᠪᠠᠶ᠂ ᠣᠷᠣᠨ ᠰᠠᠭᠤᠴᠠ ᠶᠢᠨ | ᠲᠣᠭᠤᠷᠢᠭ᠂ ᠪᠠᠷᠢᠯᠭ᠎ᠠ ᠶᠢᠨ ᠭᠠᠵᠠᠷ᠂ ᠴᠡᠴᠡᠷᠯᠢᠭ ᠤᠨ ᠵᠦᠯᠭᠡ ᠭᠠᠵᠠᠷ᠂ ᠬᠤᠭ ᠨᠣᠪᠰᠢ ᠳᠠᠮᠵᠢᠭᠤᠯᠬᠤ ᠥᠷᠲᠡᠭᠡ᠂ | ᠬᠤᠭ ᠨᠣᠪᠰᠢ ᠪᠤᠯᠠᠬᠤ ᠲᠠᠯᠠᠪᠠᠶ᠂ ᠣᠯᠠᠨ ᠨᠡᠶᠢᠲᠡ ᠶᠢᠨ ᠵᠣᠷᠯᠣᠩ ᠵᠡᠷᠭᠡ ᠨᠢᠭᠡᠴᠡ ᠶᠢᠨ ᠭᠠᠳᠠᠨᠠᠬᠢ ᠣᠷᠴᠢᠨ | ᠲᠣᠭᠤᠷᠢᠨ ᠤ ᠬᠡᠷᠡᠮ ᠬᠠᠨ᠎ᠠ᠂ ᠨᠣᠭᠤᠭᠠᠷᠠᠭᠤᠯᠤᠯᠲᠠ ᠶᠢᠨ ᠪᠦᠰᠡ᠂ ᠬᠤᠭ ᠨᠣᠪᠰᠢ ᠴᠤᠭᠯᠠᠭᠤᠯᠬᠤ ᠭᠠᠵᠠᠷ᠂ ᠪᠤᠵᠠᠷ | ᠤᠰᠤᠨ ᠤ ᠵᠠᠮ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠣᠶᠢᠷ᠎ᠠ ᠬᠠᠪᠢ ᠵᠡᠷᠭᠡ ᠪᠣᠯᠤᠨ᠎ᠠ ᠃ | | 2 . ᠤᠭᠰᠠᠷᠠᠬᠤ ᠱᠠᠭᠠᠷᠳᠠᠯᠭ᠎ᠠ ᠃ ᠬᠤᠤᠷᠲᠤ ᠥᠭᠶᠥᠭᠡ ᠤᠭᠰᠠᠷᠠᠬᠤ ᠥᠷᠲᠡᠭᠡ ᠨᠢ ᠲᠣᠭᠲᠠᠭᠰᠠᠨ ᠵᠠᠶ ᠪᠠᠷ | ᠬᠡᠷᠡᠮ ᠲᠠᠢ ᠨᠠᠭᠠᠯᠳᠤᠵᠤ ᠬᠡᠷᠡᠮ ᠪᠤᠶᠤ ᠬᠤᠯᠤᠭᠠᠨ᠎ᠠ ᠶᠢᠨ ᠭᠦᠶᠦᠯᠲᠡ ᠶᠢᠨ ᠵᠠᠮ ᠲᠠᠢ ᠵᠡᠷᠭᠡᠴᠡᠭᠡ ᠪᠠᠶᠢᠬᠤ ᠬᠡᠷᠡᠭᠲᠡᠶ ᠃ | ᠬᠤᠯᠤᠭᠠᠨ᠎ᠠ ᠨᠡᠯᠢᠶᠡᠳ ᠣᠯᠠᠨ ᠪᠠᠶᠢᠬᠤ ᠭᠤᠣᠯᠳᠠᠯᠭ᠎ᠠ ᠲᠠᠢ ᠣᠷᠣᠨ ᠪᠦᠰᠡ ᠪᠣᠯᠤᠨ ᠭᠠᠵᠠᠷ ᠲᠠᠯᠠᠪᠤᠷ ᠤᠨ | ᠬᠤᠭᠤᠷᠣᠨᠳᠣᠬᠢ ᠵᠠᠶ ᠨᠢ 30 ᠮᠧᠲᠷ ᠣᠷᠴᠢᠮ ᠪᠠᠶᠢᠪᠠᠯ ᠨᠢᠭᠡ ᠶᠢ ᠲᠣᠬᠢᠷᠠᠭᠤᠯᠬᠤ ᠬᠡᠷᠡᠭᠲᠡᠶ︔ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠣᠷᠣᠨ ᠰᠠᠭᠤᠴᠠ ᠶᠢᠨ ᠲᠣᠭᠤᠷᠢᠭ ᠵᠡᠷᠭᠡ ᠳᠤ 40 ᠮᠧᠲᠷ ᠣᠷᠴᠢᠮ ᠠᠯᠤᠰᠯᠠᠬᠤ | ᠪᠦᠷᠢ ᠨᠢᠭᠡ ᠶᠢ ᠲᠣᠬᠢᠷᠠᠭᠤᠯᠵᠤ ᠪᠣᠯᠤᠨ᠎ᠠ︔ ᠬᠤᠯᠤᠭᠠᠨ᠎ᠠ ᠶᠢᠨ ᠡᠪᠡᠳᠴᠢᠨ ᠨᠢ ᠢᠯᠡᠷᠬᠡᠶ ᠪᠤᠰᠤ ᠲᠠᠯᠠᠪᠤᠷ ᠲᠤ᠂ | ᠵᠢᠱᠢᠶᠡᠯᠡᠪᠡᠯ ᠭᠤᠤᠯ ᠵᠡᠭᠡᠯᠢ ᠭᠤᠳᠤᠮᠵᠢ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠵᠡᠷᠭᠡ ᠶᠢ ᠪᠠᠶᠢᠷᠢᠯᠠᠭᠤᠯᠬᠤ | ᠴᠢᠬᠤᠯᠠ ᠥᠬᠡᠶ ᠃ | ( ᠭᠤᠷᠪᠠ ) ᠬᠤᠯᠤᠭᠠᠨ᠎ᠠ ᠶᠢᠨ ᠡᠮ ᠢ ᠣᠷᠣᠭᠤᠯᠬᠤ ᠪᠠᠷᠢᠮᠵᠢᠶ᠎ᠠ ᠵᠢᠴᠢ ᠣᠷᠣᠭᠤᠯᠬᠤ ᠬᠡᠪᠴᠢᠶ᠎ᠡ | 1 . ᠣᠷᠣᠭᠤᠯᠬᠤ ᠪᠠᠷᠢᠮᠵᠢᠶ᠎ᠠ ᠃ ᠥᠷᠥᠭᠡᠨ ᠳᠣᠲᠣᠷ᠎ᠠ ᠥᠷᠥᠭᠡ ᠪᠦᠷᠢ ᠳᠤ 2 - 3 ᠣᠪᠣᠭ᠎ᠠ᠂ ᠥᠷᠥᠭᠡᠨ | ᠭᠠᠳᠠᠨ᠎ᠠ 10 ᠮᠧᠲᠷ ᠪᠦᠷᠢ ᠳᠤ ᠨᠢᠭᠡ ᠣᠪᠣᠭ᠎ᠠ᠂ ᠣᠪᠣᠭ᠎ᠠ ᠪᠦᠷᠢ 20 - 30 ᠭᠷᠠᠮ᠂ ᠬᠤᠤᠷᠲᠤ ᠥᠭᠶᠥᠭᠡ ( | ᠬᠤᠯᠤᠭᠠᠨ᠎ᠠ ᠶᠢᠨ ᠡᠮ ) ᠶᠢ ᠡᠷᠬᠡᠪᠰᠢ ᠬᠤᠤᠷᠲᠤ ᠥᠭᠶᠥᠭᠡ ᠶᠢᠨ ᠬᠠᠶᠢᠷᠴᠠᠭ ᠲᠤ ᠬᠢᠬᠦ ᠬᠡᠷᠡᠭᠲᠡᠶ ᠃ ᠡᠳᠦᠷ ᠪᠦᠷᠢ | ᠬᠤᠤᠷᠲᠤ ᠢᠯᠪᠡᠭᠡᠰᠦ ᠶᠢᠨ ᠬᠤᠷᠣᠭᠳᠠᠯ ᠤᠨ ᠪᠠᠶᠢᠳᠠᠯ ᠢ ᠪᠠᠶᠢᠴᠠᠭᠠᠵᠤ᠂ 《 ᠬᠡᠳᠦᠶ ᠢᠳᠡᠬᠦ᠂ ᠬᠡᠳᠦᠶ | ᠨᠥᠬᠦᠪᠥᠷᠢᠯᠡᠬᠦ᠂ ᠢᠳᠡᠵᠦ ᠪᠠᠷᠠᠪᠠᠯ ᠳᠠᠬᠢᠨ ᠢᠶᠠᠷ ᠡᠮ ᠣᠷᠣᠭᠤᠯᠬᠤ 》 ᠵᠠᠷᠴᠢᠮ ᠢ ᠪᠡᠶᠡᠯᠡᠭᠦᠯᠵᠦ᠂ ᠦᠷᠭᠦᠯᠵᠢᠯᠡᠨ | 7 ᠡᠳᠦᠷ ᠠᠴᠠ ᠳᠡᠭᠡᠭᠰᠢ ᠲᠠᠯᠪᠢᠨ᠎ᠠ ᠃ | 2 . ᠣᠷᠣᠭᠤᠯᠬᠤ ᠬᠡᠪᠴᠢᠶ᠎ᠡ ᠃ ᠪᠤᠢ ᠪᠦᠬᠦᠢ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠶᠢᠨ ᠭᠡᠷ ᠳᠣᠲᠣᠷᠠᠬᠢ ᠪᠠ ᠭᠠᠳᠠᠭᠠᠳᠤ ᠣᠷᠴᠢᠨ︔ ᠬᠤᠲᠠ ᠶᠢᠨ ᠲᠣᠭᠤᠷᠢᠭ ᠳᠣᠲᠣᠷ᠎ᠠ ᠃ |