ᠵᠤᠨ ᠤ ᠴᠠᠭ ᠤᠨ ᠨᠢᠭᠡᠨ ᠳᠠᠳᠬᠠᠯ ᠨᠢ ᠶᠡᠭᠡ ᠲᠠᠷᠢᠬᠢ ᠶᠢ ᠪᠢᠳᠠᠭᠤ ᠪᠣᠯᠭᠠᠵᠦ ᠪᠤᠢ᠂ ᠴᠥᠭᠡᠨ ᠪᠤᠰᠤ ᠬᠥᠮᠦᠨ ᠪᠦᠷ ᠢᠡᠭᠭᠢᠵᠦ ᠬᠢᠵᠦ ᠪᠤᠢ︕
ᠨᠡᠶᠢᠲᠡᠯᠡᠭᠰᠡᠨ ᠴᠠᠭ᠄
2024/7/25
   ᠴᠦᠭᠡᠨ ᠪᠤᠰᠤ ᠬᠥᠮᠦᠨ ᠰᠦᠨᠢ ᠲᠦᠯᠢᠭᠰᠡᠨ ᠤ ᠳᠠᠷᠠᠭ᠎ᠠ᠂ ᠬᠠᠷᠢᠭᠤ ᠲᠤᠰᠬᠠᠯ ᠮᠠᠭᠤ ᠪᠣᠯᠵᠤ᠂ ᠲᠠᠷᠢᠬᠢ ᠪᠢᠳᠠᠭᠤ ᠪᠣᠯᠤᠭᠰᠠᠨ ᠰᠢᠭ ᠰᠠᠨᠠᠭᠳᠠᠬᠤ ᠲᠥᠷᠥᠭᠳᠡᠯ ᠲᠠᠢ ᠪᠠᠶᠢᠳᠠᠭ᠃ ᠰᠦᠨᠢ ᠲᠦᠯᠢᠬᠦ ᠠᠴᠠ ᠭᠠᠳᠠᠨ᠎ᠠ᠂ ᠵᠠᠷᠢᠮ ᠨᠢᠭᠡᠨ ᠦᠢᠯᠡ ᠶᠠᠪᠤᠳᠠᠯ ᠨᠢ ᠪᠠᠰᠠ ᠶᠡᠭᠡ ᠲᠠᠷᠢᠬᠢ ᠶᠢ ︽ᠪᠢᠳᠠᠭᠤ︾ ᠪᠣᠯᠭᠠᠵᠤ ᠪᠤᠢ᠂ ᠴᠥᠭᠡᠨ ᠪᠤᠰᠤ ᠬᠥᠮᠦᠨ ᠥᠩᠭᠡᠷᠡᠭᠦᠯᠵᠦ ᠪᠠᠶᠢᠪᠠᠴᠤ ᠪᠦᠷ ᠰᠡᠷᠡᠵᠦ ᠮᠡᠳᠡᠬᠦ ᠦᠭᠡᠢ ᠪᠠᠶᠢᠨ᠎ᠠ᠃    ᠡᠳᠦᠷ ᠪᠦᠷᠢ ᠤᠰᠤ ᠲᠡᠩᠳᠡᠬᠦᠦ ᠪᠠᠭ᠎ᠠ ᠤᠤᠭᠤᠪᠠᠯ ᠶᠡᠭᠡ ᠲᠠᠷᠢᠬᠢ ᠦᠨᠡᠬᠡᠷ ᠪᠢᠳᠠᠭᠤ ᠪᠤᠯᠭᠠᠨ᠎ᠠ    ᠠᠮᠧᠷᠢᠺᠠ ᠶᠢᠨ ᠮᠡᠳᠡᠷᠡᠯ ᠤᠨ ᠰᠢᠨᠵᠢᠯᠡᠬᠦ ᠤᠬᠠᠭᠠᠨᠲᠠᠨ ᠺᠷᠢᠰᠲ᠋ᠢᠨ·ᠸᠢᠯᠯᠤᠮᠢᠯ ᠶᠡᠭᠡ ᠲᠠᠷᠢᠬᠢᠨ ᠤ ᠬᠥᠭᠰᠢᠷᠡᠯ ᠤᠨ ᠲᠤᠬᠠᠶ ᠨᠢᠭᠡᠨ ᠨᠤᠮ — ︽ᠶᠡᠭᠡ ᠲᠠᠷᠢᠬᠢᠨ ᠤ ᠰᠥᠷᠭᠡᠦ ᠨᠠᠰᠤᠨ ᠤ ᠵᠦᠭᠯᠡᠭᠦᠷ︾ ᠭᠡᠳᠡᠭ ᠨᠣᠮ ᠢ ᠪᠢᠴᠢᠵᠡᠶ᠂ ᠲᠡᠷᠡ ᠨᠤᠮ ᠳᠠᠭᠠᠨ ᠮᠠᠨ ᠤ ᠶᠡᠭᠡ ᠲᠠᠷᠢᠬᠢᠨ ᠤ 70 % ~ 80 % ᠨᠢ ᠪᠠᠷᠤᠭ ᠤᠰᠤ ᠪᠤᠯᠤᠨ᠎ᠠ᠂ ᠡᠶᠢᠮᠦ ᠠᠴᠠ ᠤᠰᠤᠨ ᠤ ᠡᠵᠡᠯᠡᠬᠦ ᠬᠠᠷᠢᠴᠠᠯ ᠬᠠᠮᠤᠭ ᠪᠠᠭ᠎ᠠ ᠳᠠᠭᠠᠨ 70 % ᠶᠢ ᠪᠠᠲᠤᠯᠠᠪᠠᠯ ᠰᠠᠶ᠋ᠢ ᠶᠡᠭᠡ ᠲᠠᠷᠢᠬᠢᠨ ᠤ ᠠᠵᠢᠯᠯᠠᠭ᠎ᠠ ᠬᠠᠮᠤᠭ ᠰᠠᠶᠢᠨ ᠪᠠᠶᠢᠳᠠᠯ ᠳᠤ ᠬᠦᠷᠴᠦ ᠴᠢᠳᠠᠨ᠎ᠠ᠃ ᠪᠡᠶ᠎ᠡ ᠶᠢᠨ ᠳᠣᠲᠣᠷᠠᠬᠢ ᠤᠰᠤ ᠨᠢ 1% ᠪᠠᠷ ᠳᠣᠷᠣᠭᠰᠢᠯᠠᠭᠰᠠᠨ ᠴᠤ᠂ ᠪᠢᠳᠡᠨ ᠤ ᠲᠠᠨᠢᠨ ᠮᠡᠳᠡᠬᠦ ᠴᠢᠳᠠᠪᠤᠷᠢ ᠶᠢ ᠶᠡᠭᠡ ᠪᠠᠷ ᠪᠠᠭᠤᠷᠠᠭᠤᠯᠵᠤ᠂ ᠴᠡᠭᠡᠵᠢᠯᠡᠬᠦ ᠴᠢᠳᠠᠪᠤᠷᠢ᠂ ᠤᠷᠮ᠎ᠠ ᠰᠡᠳᠬᠢᠯᠭᠡ᠂ ᠲᠠᠷᠢᠬᠢ ᠪᠠ ᠠᠩᠬᠠᠷᠤᠯ ᠢᠶᠠᠨ ᠰᠠᠮᠠᠭᠤᠷᠠᠭᠤᠯᠳᠠᠭ ᠭᠡᠵᠦ ᠬᠡᠯᠡᠪᠡ᠃    1. ᠪᠡᠶ᠎ᠡ ᠮᠠᠬᠠᠪᠣᠳ ᠲᠤ ᠦᠷᠭᠦᠯᠵᠢ ᠤᠰᠤ ᠳᠤᠲᠠᠪᠠᠯ᠂ ᠶᠡᠭᠡ ᠲᠠᠷᠢᠬᠢᠨ ᠤ ᠲᠠᠨᠢᠨ ᠮᠡᠳᠡᠬᠦᠶ ᠶᠢᠨ ᠴᠢᠳᠠᠪᠤᠷᠢ ᠪᠠᠭᠤᠷᠠᠨ᠎ᠠ    2023 ᠣᠨ ᠳᠤ ᠨᠡᠶᠢᠲᠡᠯᠡᠭᠰᠡᠨ ︽BMC ᠠᠨᠠᠭᠠᠬᠤ ᠤᠬᠠᠭᠠᠨ︾ ᠤ ᠨᠢᠭᠡᠨ ᠰᠤᠳᠤᠯᠭᠠᠨ ᠠᠴᠠ ᠦᠵᠡᠪᠡᠯ ᠂ ᠰᠣᠯᠢᠯᠴᠠᠭ᠎ᠠ ᠶᠢᠨ ᠨᠡᠶᠢᠯᠡᠭ ᠬᠡᠮ ᠪᠠ ᠬᠡᠲᠦ ᠬᠦᠨᠳᠦ ᠪᠤᠶᠤ ᠮᠠᠷᠢᠶᠠᠲᠠᠶ ᠨᠠᠰᠤᠲᠠᠶᠢᠴᠤᠳ ᠤᠨ ᠲᠤᠳᠤᠷᠠᠬᠢ ᠹᠢᠽᠢᠣᠯᠣᠭᠢ ᠶᠢᠨ ᠤᠰᠤᠨ ᠤ ᠨᠡᠶᠢᠯᠡᠯᠲᠡ ᠲᠤᠷᠤᠬᠰᠢᠯᠠᠬᠤ ᠪᠠᠶᠢᠳᠠᠯ ᠨᠢ ᠪᠦᠬᠦᠯᠢ ᠴᠣᠭᠴᠠ ᠶᠢᠨ ᠲᠠᠨᠢᠨ ᠮᠡᠳᠡᠬᠦᠶ ᠶᠢᠨ ᠴᠢᠳᠠᠮᠵᠢ ᠶᠢᠨ ᠶᠡᠭᠡ ᠪᠠᠷ ᠲᠤᠷᠤᠬᠰᠢᠯᠠᠬᠰᠠᠨ ᠲᠠᠢ ᠬᠤᠯᠪᠣᠭ᠎ᠠ ᠲᠠᠢ ᠪᠠᠶᠢᠳᠠᠭ᠃    2. ᠤᠤᠭᠤᠬᠤ ᠤᠰᠤᠨ ᠤ ᠬᠡᠮᠵᠢᠶ᠎ᠡ ᠬᠦᠷᠦᠯᠴᠡᠬᠦ ᠥᠬᠡᠶ ᠪᠤᠯᠪᠠᠯ ᠲᠠᠨᠢᠨ ᠮᠡᠳᠡᠬᠦᠶ ᠶᠢᠨ ᠰᠠᠭᠠᠳ ᠪᠦᠬᠦᠢ ᠡᠪᠡᠳᠴᠢᠨ ᠡᠮᠭᠡᠭ ᠤᠨ ᠲᠦᠭᠰᠢᠭᠦᠷᠢ ᠶᠢ ᠨᠡᠮᠡᠭᠳᠡᠬᠦᠯᠦᠨ᠎ᠡ    ᠪᠡᠶ᠎ᠡ ᠮᠠᠬᠠᠪᠣᠳ ᠲᠤ ᠦᠷᠭᠦᠯᠵᠢ ᠤᠰᠤ ᠳᠤᠲᠠᠪᠠᠯ᠂ ᠪᠢᠳᠡᠨ ᠤ ᠡᠩ ᠤᠨ ᠦᠶ᠎ᠡ ᠳᠠᠬᠢ ᠲᠠᠷᠢᠬᠢ ᠬᠡᠷᠡᠭᠯᠡᠬᠦ ᠶᠢ ᠨᠥᠯᠥᠭᠡᠯᠡᠬᠦ ᠪᠠᠷ ᠪᠠᠷᠠᠬᠤ ᠦᠭᠡᠢ᠂ ᠪᠠᠰᠠ ᠲᠠᠨᠢᠨ ᠮᠡᠳᠡᠬᠦᠶ ᠶᠢᠨ ᠡᠪᠡᠳᠴᠢᠨ ᠤᠯᠬᠤ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ 2023 ᠣᠨ ᠳᠤ ︽ᠰᠢᠮ᠎ᠡ ᠲᠡᠵᠢᠭᠡᠯᠲᠦ ᠪᠣᠳᠠᠰ︾ ᠰᠡᠳᠬᠦᠯ ᠤᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠤᠭᠤᠬᠤ ᠤᠰᠤᠨ ᠤ ᠬᠡᠮᠵᠢᠶ᠎ᠡ 1500 ᠮᠢᠯᠢᠯᠢᠲᠷ ᠬᠥᠷᠬᠦ ᠥᠬᠡᠶ ᠪᠣᠯ ᠲᠠᠨᠢᠨ ᠮᠡᠳᠡᠬᠦᠶ ᠶᠢᠨ ᠰᠠᠭᠠᠳ ᠪᠦᠬᠦᠢ ᠲᠦᠭᠰᠢᠭᠦᠷᠢ ᠶᠢ ᠢᠯᠡᠳᠲᠡ ᠨᠡᠮᠡᠭᠳᠡᠭᠦᠯᠵᠦ᠂ ᠠᠷᠽᠬᠠᠶᠢᠮ ᠡᠪᠡᠳᠴᠢᠨ ᠤᠯᠬᠤ ᠲᠦᠭᠰᠢᠭᠦᠷᠢ ᠶᠢ ᠨᠠᠭᠠᠳᠤ ᠵᠠᠬ᠎ᠠ ᠳᠠᠭᠠᠨ 1 ᠳᠠᠬᠢᠨ ᠠᠴᠠ ᠳᠡᠭᠡᠭᠰᠢ ᠨᠡᠮᠡᠭᠳᠡᠬᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号