ᠥᠷᠥᠨᠡᠳᠠᠬᠢᠨ ᠤ ᠮᠠᠶ᠋ᠢᠭ ᠤᠨ ᠢᠳᠡᠭᠡᠨ ᠤᠮᠳᠠᠭᠠᠨ ᠨᠢ ᠥᠮᠡᠨ ᠵᠢᠴᠢ ᠭᠡᠳᠡᠰᠦᠨ ᠤ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠬᠦᠯᠵᠦ ᠮᠡᠳᠡᠨ᠎ᠡ
ᠨᠡᠶᠢᠲᠡᠯᠡᠭᠰᠡᠨ ᠴᠠᠭ᠄
2024/7/25
   ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠦᠷ ᠤᠨ ᠰᠣᠨᠢᠨ ᠤ ᠪᠡᠭᠡᠵᠢᠩ ᠤᠨ 7 ᠰᠠᠷ᠎ᠠ ᠶᠢᠨ 22 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠦ ᠰᠢᠶᠠ︶ ᠠᠶᠢᠷᠯᠠᠨᠳ᠋ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠮᠢᠺᠷᠣᠪ ᠤᠨ ᠰᠤᠳᠤᠯᠭᠠᠨ ᠤ ᠲᠥᠪ ︵APC︶ ᠪᠣᠯᠤᠨ ᠺᠤᠷᠺ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠰᠢᠨᠵᠢᠯᠡᠬᠦ ᠤᠬᠠᠭᠠᠨᠲᠠᠨ ᠳᠡᠯᠡᠬᠡᠶ ᠶᠢᠨ ᠡᠯ᠎ᠡ ᠭᠠᠵᠠᠷ ᠲᠤ ᠳᠡᠯᠭᠡᠷᠡᠵᠦ ᠪᠠᠶᠢᠭ᠎ᠠ 6 ᠵᠦᠢᠯ ᠤᠨ ᠢᠳᠡᠭᠡᠨ ᠤᠮᠳᠠᠭᠠᠨ ᠤ ᠠᠷᠭ᠎ᠠ ᠮᠠᠶ᠋ᠢᠭ ᠲᠤ ᠨᠢᠭᠡᠨ ᠡᠷᠭᠢᠴᠡᠭᠦᠯᠦᠯ ᠤᠨ ᠵᠠᠳᠠᠯᠤᠯᠲᠠ ᠬᠢᠵᠡᠶ᠃ ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠬᠦᠯᠦᠭᠰᠡᠨ ᠢᠶᠠᠷ᠂ ᠥᠷᠥᠨᠡᠳᠠᠬᠢᠨ ᠤ ᠮᠠᠶ᠋ᠢᠭ ᠤᠨ ᠢᠳᠡᠭᠡᠨ ᠤᠮᠳᠠᠭᠠᠨ ᠨᠢ ᠬᠥᠮᠦᠰ ᠤᠨ ᠦᠷᠪᠢᠰᠦᠯ ᠤᠨ ᠴᠢᠨᠠᠷᠲᠠᠶ ᠭᠡᠳᠡᠰᠦᠨ ᠤ ᠡᠪᠡᠳᠴᠢᠨ ︵IBD︶ ᠪᠠ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠬᠡᠪᠡ᠃ ᠡᠨᠡ ᠬᠦ ᠬᠠᠮᠢᠶ᠎ᠠ ᠪᠥᠬᠦᠶ ᠥᠭᠦᠯᠡᠯ ᠢᠶᠠᠨ ᠬᠠᠮᠤᠭ ᠰᠢᠨ᠎ᠡ ᠨᠢᠭᠡ ᠬᠤᠭᠤᠴᠠᠭᠠᠨ ᠤ ︽ᠪᠠᠶᠢᠭᠠᠯᠢ ᠮᠢᠺᠷᠣᠪ ᠤᠨ ᠰᠤᠳᠤᠯᠤᠯ︾ ᠰᠡᠳᠬᠦᠯ ᠳᠤ ᠨᠡᠶᠢᠲᠡᠯᠡᠪᠡ᠃    ᠲᠣᠰ ᠤᠳᠠᠭ᠎ᠠ ᠪᠦᠯᠬᠦᠮ ᠤᠨ ᠬᠢᠨ ᠭᠠᠵᠠᠷ ᠤᠨ ᠳᠤᠮᠳᠠᠳᠤ ᠲᠠᠩᠭᠢᠰ᠂ ᠥᠨᠳᠥᠷ ᠰᠢᠷᠬᠡᠭᠯᠢᠭ᠂ ᠤᠷᠭᠤᠮᠠᠯᠯᠢᠭ᠂ ᠥᠨᠳᠥᠷ ᠤᠭᠤᠷᠠᠭ᠂ ᠺᠧᠲ᠋ᠣᠨ ᠪᠠ ᠧᠦ᠋ᠷᠣᠫᠠ ᠮᠠᠶ᠋ᠢᠭ ᠤᠨ ᠢᠳᠡᠭᠡᠨ ᠤᠮᠳᠠᠭᠠᠨ ᠤ ᠲᠤᠬᠠᠢ ᠰᠤᠳᠤᠯᠪᠠ᠃ ᠡᠨᠡ ᠬᠦ ᠰᠤᠳᠤᠯᠭᠠᠨ ᠨᠢ ᠬᠥᠮᠦᠰ ᠤᠨ ᠢᠳᠡᠵᠦ ᠣᠷᠣᠭᠤᠯᠤᠭᠰᠠᠨ ᠢᠳᠡᠭᠡᠨ ᠬᠡᠷᠬᠢᠨ ᠭᠡᠳᠡᠰᠦᠨ ᠤ ᠮᠢᠺᠷᠣᠪ ᠤᠨ ᠪᠦᠯᠦᠭᠯᠡᠯ ᠤᠨ ᠪᠦᠷᠢᠯᠳᠦᠬᠦᠨ ᠪᠠ ᠴᠢᠳᠠᠮᠵᠢ ᠶᠢ ᠨᠥᠯᠥᠭᠡᠯᠡᠬᠦ ᠵᠢᠴᠢ ᠭᠡᠳᠡᠰᠦᠨ ᠤ ᠮᠢᠺᠷᠣᠪ ᠤᠨ ᠪᠦᠯᠦᠭᠯᠡᠯ ᠤᠨ ᠬᠤᠪᠢᠷᠠᠯᠲᠠ ᠬᠡᠷᠬᠢᠨ ᠬᠥᠮᠦᠰ ᠤᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢ ᠨᠥᠯᠥᠭᠡᠯᠡᠬᠦ ᠶᠢ ᠰᠢᠨᠵᠢᠯᠡᠨ ᠪᠠᠶᠢᠴᠠᠭᠠᠵᠠᠢ᠃    ᠰᠤᠳᠤᠯᠭᠠᠨ ᠤ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠤᠷᠭᠤᠮᠠᠯ ᠡᠯᠪᠡᠭ ᠠᠭᠤᠯᠤᠭᠳᠠᠬᠤ ᠢᠳᠡᠭᠡᠨ ᠤᠮᠳᠠᠭᠠᠨ ᠢ ᠥᠨᠳᠥᠷ ᠰᠢᠷᠬᠡᠭᠯᠢᠭᠲᠦ ᠢᠳᠡᠭᠡᠨ ᠤᠮᠳᠠᠭᠠᠨ ᠲᠠᠢ ᠬᠠᠷᠢᠴᠠᠭᠤᠯᠪᠠᠯ᠂ ᠥᠭᠡᠬᠦ ᠶᠡᠬᠡᠲᠡᠶ᠂ ᠰᠢᠬᠢᠷ ᠶᠡᠬᠡᠲᠡᠶ ᠢᠳᠡᠭᠡᠨ ᠤᠮᠳᠠᠭᠠᠨ ᠨᠢ ᠬᠥᠮᠦᠨ ᠲᠥᠷᠥᠯᠬᠢᠲᠡᠨ ᠤ ᠡᠷᠡᠭᠦᠯ ᠮᠡᠨᠳᠦ ᠳᠤ ᠠᠰᠢᠭ ᠥᠬᠡᠶ ᠨᠥᠯᠥᠭᠡ ᠦᠵᠡᠭᠦᠯᠳᠡᠭ ᠪᠠᠶᠢᠨ᠎ᠠ᠃ ᠰᠤᠳᠤᠯᠭᠠᠨ ᠳᠤ ᠪᠠᠰᠠ ᠵᠢᠮᠢᠰ᠂ ᠢᠳᠡᠰᠢᠨ ᠨᠣᠭᠤᠭ᠎ᠠ ᠡᠯᠪᠡᠭ ᠠᠭᠤᠯᠤᠭᠰᠠᠨ ᠭᠠᠵᠠᠷ ᠤᠨ ᠳᠤᠮᠳᠠᠳᠤ ᠲᠠᠩᠭᠢᠰ ᠤᠨ ᠢᠳᠡᠭᠡᠨ ᠤᠮᠳᠠᠭᠠᠨ ᠨᠢ ᠵᠢᠷᠦᠬᠡ ᠴᠢᠰᠤᠨ ᠰᠤᠳᠠᠯ ᠤᠨ ᠡᠪᠡᠳᠴᠢᠨ᠂ IBD ᠪᠠ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠡᠪᠡᠳᠴᠢᠨ ᠡᠭᠦᠰᠬᠦ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ ᠭᠡᠳᠡᠭ ᠢ ᠣᠯᠵᠤ ᠮᠡᠳᠡᠵᠡᠶ᠃    ᠲᠣᠰ ᠰᠤᠳᠤᠯᠭᠠᠨ ᠨᠢ ᠠᠳᠠᠯᠢ ᠪᠤᠰᠤ ᠢᠳᠡᠭᠡᠨ ᠤᠮᠳᠠᠭᠠᠨ ᠤ ᠠᠷᠭ᠎ᠠ ᠮᠠᠶ᠋ᠢᠭ ᠨᠢ ᠭᠡᠳᠡᠰᠦᠨ ᠤ ᠮᠢᠺᠷᠣᠪ ᠤᠨ ᠪᠦᠯᠦᠭ ᠲᠤ ᠢᠯᠡᠷᠬᠡᠶ ᠨᠥᠯᠥᠭᠡ ᠦᠵᠡᠭᠦᠯᠳᠡᠭ ᠢ ᠤᠨᠴᠠᠭᠠᠶᠢᠯᠠᠨ ᠢᠯᠡᠷᠡᠬᠦᠯᠪᠡ᠃ ᠰᠤᠳᠤᠯᠭᠠᠨ ᠤ ᠦᠷ᠎ᠡ ᠳ᠋ᠦᠩ ᠨᠢ ᠡᠷᠡᠭᠦᠯ ᠮᠡᠨᠳᠦ ᠶᠢ ᠠᠬᠢᠭᠤᠯᠬᠤ ᠶᠢᠨ ᠬᠠᠮᠲᠤ ᠡᠪᠡᠳᠴᠢᠨ ᠡᠮᠭᠡᠭ ᠢ ᠰᠡᠷᠭᠡᠶᠢᠯᠡᠬᠦ ᠢᠳᠡᠭᠡᠨ ᠤᠮᠳᠠᠭᠠᠨ ᠤ ᠰᠠᠨᠠᠭᠤᠯᠭ᠎ᠠ ᠶᠢ ᠲᠣᠭᠲᠠᠭᠠᠬᠤ ᠳᠤ ᠮᠠᠰᠢ ᠴᠢᠬᠤᠯᠠ ᠶᠤᠮ᠃ ᠭᠡᠪᠡᠴᠦ ᠲᠣᠰ ᠰᠤᠳᠤᠯᠭᠠᠨ ᠳᠤ ᠪᠠᠰᠠ ᠨᠠᠷᠢᠨ ᠵᠠᠳᠠᠯᠤᠯᠲᠠ ᠬᠢᠵᠦ᠂ ᠬᠤᠪᠢ ᠬᠥᠮᠦᠨ ᠤ ᠡᠯᠧᠮᠧᠨ᠋ᠲ᠂ ᠢᠳᠡᠭᠡᠨ ᠤᠮᠳᠠᠭᠠᠨ ᠪᠠ ᠮᠢᠺᠷᠣᠪ ᠤᠨ ᠬᠤᠭᠤᠷᠣᠨᠳᠣᠬᠢ ᠰᠢᠯᠲᠠᠭᠠᠨ ᠦᠷ᠎ᠡ ᠶᠢᠨ ᠬᠠᠷᠢᠴᠠᠭ᠎ᠠ ᠶᠢ ᠨᠠᠩ ᠰᠠᠶᠢᠲᠤᠷ ᠣᠶᠢᠯᠠᠭᠠᠬᠤ ᠬᠡᠷᠡᠭᠲᠡᠶ ᠭᠡᠵᠦ ᠴᠢᠬᠤᠯᠠᠴᠢᠯᠠᠵᠠᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号