ᠲᠦᠴᠢᠦᠸᠠᠨ ᠰᠢᠶᠠᠨ᠄ ᠵᠤᠨ ᠤ ᠠᠮᠠᠷᠠᠯᠲᠠ ᠳᠤ ᠪᠠᠶᠠᠷ ᠬᠥᠷ ᠲᠠᠢ ᠦᠰᠦᠨ ᠪᠣᠶᠢᠵᠢᠨ᠎ᠠ
ᠨᠡᠶᠢᠲᠡᠯᠡᠭᠰᠡᠨ ᠴᠠᠭ᠄
2024/7/25
   ᠨᠢᠭᠡ ᠬᠤᠭᠤᠴᠠᠭᠠᠨ ᠤ ᠪᠠᠴᠢᠮ ᠰᠤᠷᠤᠯᠴᠠᠯᠭ᠎ᠠ ᠪᠠᠷ ᠳᠠᠮᠵᠢᠭᠠᠳ᠂ ᠲᠦᠴᠢᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠣᠨ ᠤ ᠠᠮᠠᠷᠠᠯᠲᠠ ᠶᠢᠨ ᠪᠠᠶᠠᠷ ᠪᠠᠶᠠᠰᠤᠯ ᠲᠠᠢ ᠴᠠᠭ ᠮᠥᠴᠡ ᠪᠠᠨ ᠤᠭᠲᠤᠨ ᠠᠪᠤᠯ᠎ᠠ᠂ ᠠᠮᠠᠷᠠᠯᠲᠠ ᠶᠢᠨ ᠬᠤᠭᠤᠴᠠᠭᠠᠨ ᠳᠤ ᠬᠡᠷ ᠤᠨ ᠬᠥᠮᠦᠰ ᠲᠠᠢ ᠪᠠᠨ ᠠᠭᠤᠯᠵᠠᠵᠤ᠂ ᠵᠤᠭ᠎ᠠ ᠴᠡᠩᠭᠡᠯ ᠢᠶᠠᠨ ᠰᠤᠯᠠᠳᠬᠠᠬᠤ ᠠᠴᠠ ᠭᠠᠳᠠᠨ᠎ᠠ᠂ ᠴᠥᠭᠡᠨ ᠪᠤᠰᠤ ᠬᠡᠦᠬᠡᠳ ᠣᠯᠠᠨ ᠵᠦᠶᠯ ᠤᠨ ᠬᠡᠯᠪᠡᠷᠢ ᠶᠢᠨ ᠠᠵᠢᠯᠯᠠᠭ᠎ᠠ ᠳᠤ ᠣᠷᠣᠯᠴᠠᠬᠤ ᠪᠠᠷ ᠳᠡᠮᠵᠢᠨ᠂ ᠵᠣᠨ ᠤ ᠠᠮᠠᠷᠠᠯᠲᠠ ᠶᠢᠨ ᠥᠩᠭᠡᠷᠡᠯᠲᠡ ᠪᠠᠨ ᠪᠠᠶᠠᠯᠢᠭᠵᠢᠭᠤᠯᠵᠤ᠂ ᠳᠤᠷ᠎ᠠ ᠰᠣᠨᠢᠷᠬᠠᠯ  ᠢᠶᠠᠨ ᠥᠷᠭᠡᠳᠬᠡᠨ᠂ ᠪᠠᠶᠠᠷ ᠪᠠᠶᠠᠰᠤᠯ ᠲᠠᠢ ᠴᠠᠭ ᠮᠥᠴᠡ ᠪᠠᠨ ᠥᠩᠭᠡᠷᠡᠭᠦᠯᠵᠦ ᠪᠠᠶᠢᠨ᠎ᠠ᠃    ᠲᠦᠴᠢᠦᠸᠠᠨ ᠰᠢᠶᠠᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠦᠨᠳᠦᠰᠦᠲᠡᠨ ᠤ ᠪᠥᠵᠢᠭ ᠤᠨ ᠬᠢᠴᠢᠶᠡᠯ ᠤᠨ ᠭᠡᠷ ᠲᠤ᠂ ᠢᠷᠠᠭᠤ ᠰᠠᠶᠢᠬᠠᠨ ᠳᠠᠭᠤᠤ ᠬᠥᠭᠵᠢᠮ ᠤᠨ ᠠᠶᠠᠰ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠂ ᠬᠡᠦᠬᠡᠳ ᠤᠳ ᠪᠠᠭᠰᠢ ᠶᠢᠨ ᠢᠶᠠᠨ ᠳᠠᠭᠠᠭᠤᠯᠭ᠎ᠠ ᠪᠠᠷ ᠬᠥᠭᠵᠢᠮ ᠤᠨ ᠠᠶᠢᠵᠠᠮ ᠢ ᠲᠠᠭᠠᠨ ᠪᠥᠵᠢᠭᠯᠡᠵᠡᠭᠡᠨ᠎ᠡ᠃ ᠹᠦ᠋ ᠢ ᠵᠢᠶᠠ ᠪᠣᠯ ᠣᠯᠠᠨ ᠵᠢᠯ ᠤᠨ ᠪᠥᠵᠢᠭ ᠤᠨ ᠲᠤᠷᠰᠢᠯᠭ᠎ᠠ ᠲᠠᠢ ᠪᠥᠵᠢᠭ ᠤᠨ ᠰᠤᠷᠤᠭᠴᠢ᠂ ᠲᠠᠢᠰᠠᠨ ᠳᠡᠭᠡᠷᠡᠬᠢ ᠨᠢᠭᠡ ᠮᠢᠨᠦ᠋ᠲ᠂ ᠲᠠᠢᠰᠠᠨ ᠳᠣᠤᠷᠠᠬᠢ ᠠᠷᠪᠠᠨ ᠵᠢᠯ ᠤᠨ ᠪᠤᠯᠪᠠᠰᠤᠷᠠᠯ᠂ ᠬᠠᠮᠤᠭ ᠠᠩᠬᠠᠨ ᠤ ᠦᠨᠳᠦᠰᠦᠨ ᠪᠣᠯᠪᠠᠰᠤᠷᠠᠯ ᠪᠣᠯᠪᠠᠰᠤᠷᠠᠩᠭᠤᠶ ᠦᠭᠡᠢ᠂ ᠣᠳᠣ ᠪᠣᠯᠲᠠᠯ᠎ᠠ ᠪᠥᠵᠢᠭ ᠤᠨ ᠬᠥᠳᠡᠯᠭᠡᠭᠡᠨ ᠪᠦᠷᠢ ᠨᠢ ᠪᠦᠷ ᠨᠢᠭᠡ ᠯᠡ ᠠᠮᠢᠰᠬᠤᠭ᠎ᠠ ᠪᠠᠷ ᠪᠦᠲᠦᠵᠦ᠂ ᠲᠡᠷᠡ ᠲᠤᠭ᠎ᠠ ᠦᠭᠡᠢ ᠣᠯᠠᠨ ᠬᠦᠴᠦ ᠬᠥᠯᠥᠰᠥ ᠵᠠᠷᠤᠴᠠᠭᠤᠯᠪᠠ᠃    ︽ᠪᠢ ᠵᠢᠯ ᠪᠦᠷᠢ ᠶᠢᠨ ᠵᠣᠨ ᠤ ᠠᠮᠠᠷᠠᠯᠲᠠ ᠳᠤ ᠴᠥᠮ ᠦᠨᠳᠦᠰᠦᠲᠡᠨ ᠤ ᠪᠥᠵᠢᠭ ᠰᠤᠷᠴᠤ᠂ ᠪᠡᠶ᠎ᠡ ᠮᠠᠬᠠᠪᠣᠳ  ᠢᠶᠠᠨ ᠴᠢᠭᠢᠷᠠᠭᠵᠢᠭᠤᠯᠵᠤ᠂ ᠲᠠᠶᠢᠰᠠᠨ ᠤ ᠲᠤᠷᠰᠢᠯᠭ᠎ᠠ ᠪᠠᠨ ᠪᠠᠶᠠᠯᠢᠭᠵᠢᠭᠤᠯᠳᠠᠭ᠂ ᠪᠢ ᠡᠨᠡ ᠵᠢᠯ ᠤᠨ ᠵᠣᠨ ᠤ ᠠᠮᠠᠷᠠᠯᠲᠠ ᠳᠤ 8 ᠲᠠᠰ ᠤᠨ ᠰᠢᠯᠭᠠᠯᠲᠠ ᠳᠤ ᠪᠡᠯᠡᠳᠭᠡᠵᠦ᠂ ᠪᠢ ᠰᠢᠨ᠎ᠡ ᠬᠥᠳᠡᠯᠦᠯ ᠪᠠᠷᠢᠯ ᠢᠶᠠᠨ ᠰᠠᠶᠢᠲᠤᠷ ᠰᠤᠷᠤᠯᠴᠠᠵᠤ ᠪᠠᠶᠢᠭᠠᠳ ᠰᠢᠯᠭᠠᠯᠲᠠ ᠶᠢ ᠤᠭᠲᠤᠨ᠎ᠠ᠃︾ ᠭᠡᠵᠦ ᠪᠥᠵᠢᠭᠴᠢᠨ ᠹᠦ᠋ ᠢ ᠵᠢᠶᠠ ᠬᠡᠯᠡᠪᠡ᠃
   ᠬᠡᠦᠬᠡᠳ ᠲᠤ ᠨᠢᠭᠡ ᠵᠦᠶᠯ ᠤᠨ ᠮᠡᠷᠭᠡᠵᠢᠯ ᠰᠤᠷᠭᠠᠵᠦ᠂ ᠬᠡᠦᠬᠡᠳ ᠤᠨ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠃ ᠲᠦᠴᠢᠦᠸᠠᠨ ᠰᠢᠶᠠᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠵᠢᠯ ᠪᠦᠷᠢ ᠶᠢᠨ ᠵᠣᠨ ᠤ ᠠᠮᠠᠷᠠᠯᠲᠠ ᠳᠤ ᠴᠥᠮ ᠪᠥᠵᠢᠭ᠂ ᠦᠭᠡ ᠬᠡᠯᠡ᠂ ᠵᠣᠬᠢᠶᠠᠨ ᠪᠢᠴᠢᠯᠭᠡ᠂ ᠤᠷᠠᠨ ᠵᠢᠷᠤᠭ᠂ ᠤᠷᠠᠨ ᠪᠢᠴᠢᠯᠭᠡ᠂ ᠬᠥᠭᠵᠢᠮ ᠵᠡᠷᠭᠡ ᠣᠯᠠᠨ ᠤᠷᠠᠯᠢᠭ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠬᠡᠦᠬᠡᠳ ᠤᠳ ᠲᠤ ᠨᠢᠭᠡᠨ ᠰᠠᠶᠢᠨ ᠪᠣᠯᠪᠠᠰᠤᠷᠠᠯ ᠤᠨ ᠲᠠᠪᠴᠠᠩ ᠬᠠᠩᠭᠠᠵᠤ᠂ ᠥᠷᠭᠡᠨ ᠣᠯᠠᠨ ᠰᠤᠷᠤᠭᠴᠢᠳ ᠤᠨ ᠪᠣᠯᠪᠠᠰᠤᠷᠠᠯ ᠤᠨ ᠬᠡᠷᠡᠭᠴᠡᠭᠡ ᠶᠢ ᠬᠠᠩᠭᠠᠳᠠᠭ᠃    ︽ᠪᠢ ᠵᠢᠷᠤᠭ ᠵᠢᠷᠤᠬᠤ ᠶᠢ ᠰᠣᠷᠣᠭᠠᠳ 2 ᠵᠢᠯ ᠪᠤᠯᠵᠦ ᠪᠠᠶᠢᠨ᠎ᠠ᠂ ᠥᠨᠥᠳᠦᠷ ᠮᠢᠨᠦ ᠵᠢᠷᠤᠭᠰᠠᠨ ᠪᠣᠯ ᠺᠠᠷᠲ᠋ᠣᠨ ᠱᠤᠭ ᠵᠢᠷᠤᠭ ᠤᠨ ᠬᠥᠮᠦᠨ ᠮᠠᠰᠢᠨ ᠬᠤᠶᠠᠭᠲᠤ ᠪᠠᠶᠢᠯᠳᠤᠭᠴᠢ᠂ ᠪᠢ ᠬᠠᠮᠤᠭ ᠤᠨ ᠠᠮᠢᠳᠤᠯᠢᠭ ᠵᠢᠷᠤᠭ ᠤᠨ ᠪᠢᠷ ᠢᠶᠠᠷ ᠪᠦᠬᠦ ᠳᠡᠯᠡᠬᠡᠢ ᠶᠢ ᠳᠦᠷᠰᠦᠯᠡᠨ᠎ᠡ᠃︾ ᠭᠡᠵᠦ ᠵᠢᠷᠤᠭ ᠤᠨ ᠰᠤᠷᠤᠭᠴᠢ ᠵᠠᠩ ᠬᠠᠨ ᠸᠧᠨ ᠬᠡᠯᠡᠪᠡ᠃
   ᠠᠮᠠᠷᠠᠯᠲᠠ ᠶᠢᠨ ᠬᠤᠭᠤᠴᠠᠭᠠᠨ ᠳᠤ ᠤᠷᠠᠯᠢᠭ ᠤᠨ ᠪᠣᠯᠪᠠᠰᠤᠷᠠᠯ ᠬᠢᠬᠦ ᠠᠴᠠ ᠭᠠᠳᠠᠨ᠎ᠠ᠂ ᠪᠠᠰᠠ ᠴᠥᠭᠡᠨ ᠪᠤᠰᠤ ᠰᠤᠷᠤᠭᠴᠢᠳ ᠬᠥᠯ ᠪᠥᠮᠪᠦᠭᠡ ᠶᠢᠨ ᠵᠤᠰᠠᠯᠠᠩ ᠳᠤ ᠣᠷᠣᠯᠴᠠᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠲᠥᠯᠥᠭᠡ ᠲᠦᠴᠢᠦᠸᠠᠨ ᠰᠢᠶᠠᠨ ᠤ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠬᠦᠷᠴᠦ᠂ ᠨᠢᠭᠡ ᠪᠦᠯᠦᠭ ᠬᠡᠤᠬᠡᠳ ᠬᠥᠩᠭᠡᠨ ᠱᠠᠯᠠᠮᠠᠭᠠᠶ ᠠᠯᠬᠤᠭ᠎ᠠ ᠪᠠᠷ ᠬᠥᠯ ᠪᠥᠮᠪᠦᠭᠡ ᠶᠢᠨ ᠪᠣᠯᠪᠠᠰᠤᠷᠠᠯ ᠬᠢᠵᠦ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠯ᠎ᠠ᠂ ᠬᠡᠦᠬᠡᠳ ᠤᠳ ᠡᠮᠦᠨ᠎ᠡ ᠪᠠᠨ ᠬᠠᠷᠠᠵᠤ᠂ ᠪᠡᠶ᠎ᠡ ᠶᠢᠨ ᠲᠡᠩᠴᠡᠭᠦᠷᠢ ᠪᠠᠨ ᠪᠠᠲᠤᠯᠠᠵᠤ᠂ ᠮᠣᠳᠣ ᠣᠷᠢᠶᠠᠬᠤ᠂ ᠲᠡᠮᠳᠡᠭᠲᠦ ᠲᠦᠩᠰᠡ ᠣᠷᠢᠶᠠᠬᠤ᠂ ᠪᠡᠶ᠎ᠡ ᠮᠠᠬᠠᠪᠣᠳ ᠤᠨ ᠵᠣᠬᠢᠴᠠᠩᠭᠤᠶ ᠴᠢᠨᠠᠷ ᠪᠠ ᠰᠣᠷᠭᠤᠭ ᠴᠢᠨᠠᠷ ᠵᠡᠷᠭᠡ ᠪᠣᠯᠪᠠᠰᠤᠷᠠᠯ ᠬᠢᠵᠦ ᠪᠠᠶᠢᠨ᠎ᠠ᠂ ᠬᠡᠳᠦᠶᠢᠪᠡᠷ ᠠᠭᠤᠷ ᠠᠮᠢᠰᠬᠤᠯ ᠠᠭᠠᠭᠢᠮ᠎ᠠ ᠬᠠᠯᠠᠭᠤᠨ ᠪᠠᠶᠢᠭᠰᠠᠨ ᠴᠤ ᠬᠡᠦᠬᠡᠳ ᠪᠣᠯᠭᠠᠨ ᠤ ᠰᠤᠷᠤᠯᠴᠠᠬᠤ ᠤᠷᠮ᠎ᠠ ᠪᠠᠬ᠎ᠠ ᠨᠢ ᠮᠠᠰᠢ ᠭᠦᠶᠴᠡᠳ ᠪᠠᠶᠢᠵᠤ᠂ ᠴᠢᠷᠠᠶ ᠳᠡᠭᠡᠷ᠎ᠡ  ᠨᠢ ᠢᠨᠢᠶᠡᠮᠰᠦᠭᠯᠡᠯ ᠲᠣᠳᠣᠷᠠᠵᠤ ᠪᠠᠶᠢᠯ᠎ᠠ᠃    ︽ᠬᠡᠳᠦᠶᠢᠪᠡᠷ ᠪᠢ ᠥᠬᠢᠨ ᠬᠥᠮᠦᠨ ᠪᠣᠯᠪᠠᠴᠤ ᠬᠥᠯ ᠪᠥᠮᠪᠦᠭᠡ ᠡᠨᠡ ᠬᠦ ᠬᠥᠳᠡᠯᠭᠡᠭᠡᠨ ᠳᠤ ᠮᠠᠰᠢ ᠳᠤᠷᠠᠲᠠᠶ᠂ ᠨᠠᠭᠠᠳᠴᠤ ᠴᠢᠳᠠᠬᠤ ᠮᠥᠷᠲᠡᠭᠡᠨ ᠡᠷᠳᠡᠮ ᠰᠤᠷᠴᠤ ᠴᠢᠳᠠᠨ᠎ᠠ᠂ ᠡᠨᠡ ᠬᠡᠰᠡᠭ ᠬᠤᠭᠤᠴᠠᠭᠠᠨ ᠳᠤ ᠪᠢ ᠪᠥᠮᠪᠦᠭᠡ ᠳᠠᠮᠵᠢᠭᠤᠯᠬᠤ᠂ ᠪᠥᠮᠪᠦᠭᠡ ᠵᠠᠯᠠᠬᠤ ᠶᠢ ᠰᠤᠷᠴᠠᠶ᠂ ᠪᠢ ᠲᠣᠮᠣ ᠪᠣᠯᠤᠭᠰᠠᠨ ᠤ ᠳᠠᠷᠠᠭ᠎ᠠ ᠡᠬᠡ ᠤᠯᠤᠰ ᠲᠠᠭᠠᠨ ᠢᠷᠠᠭᠤ ᠠᠯᠳᠠᠷ ᠣᠯᠭᠤᠨ᠎ᠠ᠃︾ ᠭᠡᠵᠦ ᠬᠦᠯ ᠪᠥᠮᠪᠦᠭᠡ ᠶᠢᠨ ᠰᠤᠷᠤᠬᠴᠢ ᠵᠠᠩ ᠷᠦᠢ ᠴᠢ ᠬᠡᠯᠡᠪᠡ᠃
   ᠲᠦᠴᠢᠦᠸᠠᠨ ᠰᠢᠶᠠᠨ ᠤ ᠶᠢᠨ ᠪᠠᠩ ᠬᠥᠯ ᠪᠥᠮᠪᠦᠭᠡ ᠶᠢᠨ ᠺᠯᠦ᠋ᠪ ᠤᠨ ᠳᠠᠰᠬᠠᠯᠵᠢᠭᠤᠯᠤᠭᠴᠢ ᠸᠠᠩ ᠪᠠᠶ ᠳ᠋ᠦᠩ ᠲᠠᠨᠢᠯᠴᠠᠭᠤᠯᠬᠤ ᠳᠠᠭᠠᠨ᠄ ︽ᠮᠠᠨ ᠤ ᠬᠥᠯ ᠪᠥᠮᠪᠦᠭᠡ ᠶᠢᠨ ᠺᠯᠦ᠋ᠪ ᠵᠣᠨ ᠤ ᠠᠮᠠᠷᠠᠯᠲᠠ ᠶᠢᠨ ᠬᠤᠭᠤᠴᠠᠭᠠᠨ ᠳᠤ ᠠᠳᠠᠯᠢ ᠪᠤᠰᠤ ᠨᠠᠰᠤᠨ ᠤ ᠱᠠᠲᠤ ᠶᠢ ᠦᠨᠳᠦᠰᠦᠯᠡᠨ ᠬᠠᠨᠳᠤᠯᠭᠠᠲᠤ ᠴᠢᠨᠠᠷᠲᠠᠶ ᠪᠣᠯᠪᠠᠰᠤᠷᠠᠯ ᠥᠷᠨᠢᠭᠦᠯᠵᠦ᠂ ᠭᠤᠤᠯᠳᠠᠭᠤ ᠬᠡᠦᠬᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠨ ᠰᠤᠷᠤᠯᠴᠠᠬᠤ ᠬᠠᠯᠠᠭᠤᠨ ᠰᠡᠳᠬᠢᠯᠭᠡ ᠪᠠ ᠳᠤᠷ᠎ᠠ ᠰᠣᠨᠢᠷᠬᠠᠯ ᠢ ᠬᠥᠭᠵᠢᠭᠡᠵᠦ᠂ ᠬᠥᠯ ᠪᠥᠮᠪᠦᠭᠡ ᠶᠢᠨ ᠵᠢᠭᠠᠨ ᠰᠤᠷᠭᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ︾ ᠭᠡᠵᠡᠢ᠃
   ᠰᠢᠶᠠᠨ ᠤ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢᠨ ᠣᠯᠠᠨ ᠰᠣᠷᠣᠭᠴᠢ ᠠᠴᠠ ᠵᠣᠬᠢᠶᠠᠭᠴᠢ ᠠᠴᠠ ᠣᠶᠢᠯᠠᠭᠠᠭᠰᠠᠨ ᠨᠢ᠂ ᠣᠯᠠᠩᠬᠢ ᠬᠡᠦᠬᠡᠳ ᠤᠨ ᠵᠣᠨ ᠤ ᠠᠮᠠᠷᠠᠯᠲᠠ ᠶᠢᠨ ᠠᠮᠢᠳᠤᠷᠠᠯ ᠢ ᠴᠥᠮ ᠪᠠᠶᠠᠯᠢᠭ ᠰᠠᠶᠢᠬᠠᠨ ᠲᠣᠬᠢᠷᠠᠭᠤᠯᠵᠤ᠂ ᠪᠥᠵᠢᠭ ᠰᠤᠷᠴᠤ᠂ ᠰᠠᠭᠰᠤᠨ ᠪᠥᠮᠪᠦᠭᠡ ᠨᠠᠭᠠᠳᠴᠤ᠂ ᠲᠠᠢ ᠴᠢᠤᠸᠠᠨ ᠳ᠋ᠤᠤ ᠪᠣᠯᠪᠠᠰᠤᠷᠠᠵᠤ᠂ ᠬᠡᠯᠡᠨ ᠤ ᠡᠷᠳᠡᠮ ᠰᠤᠷᠴᠤ᠂ ᠴᠠᠷᠭᠢᠯ ᠬᠤᠯᠪᠣᠭ᠎ᠠ ᠠᠪᠴᠤ᠂ ᠥᠩᠭᠡ ᠢᠯᠭᠠᠷᠠᠭᠰᠠᠨ ᠠᠮᠠᠷᠠᠯᠲᠠ ᠶᠢᠨ ᠡᠳᠦᠷ ᠤᠳ  ᠲᠤ ᠮᠡᠳᠡᠯᠭᠡ ᠪᠠᠨ ᠨᠡᠮᠡᠭᠳᠡᠭᠦᠯᠵᠦ᠂ ᠬᠠᠷᠠᠭ᠎ᠠ ᠪᠠᠨ ᠥᠷᠭᠡᠳᠬᠡᠨ᠂ ᠪᠠᠶᠠᠷ ᠪᠠᠶᠠᠰᠬᠤᠯᠠᠩ ᠲᠠᠢ ᠪᠥᠭᠡᠳ ᠪᠦᠷᠢᠨ ᠲᠡᠭᠦᠯᠳᠡᠷ ᠵᠣᠨ ᠤ ᠠᠮᠠᠷᠠᠯᠲᠠ ᠶᠢ ᠥᠩᠭᠡᠷᠡᠭᠡᠳᠡᠭ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号