ᠬᠢᠩᠭᠠᠨ ᠠᠶᠢᠮᠠᠭ ᠤᠨ ᠵᠠᠬᠢᠷᠭ᠎ᠠ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
   7 ᠳ᠋ᠤᠭᠠᠷ ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ 7 ᠳ᠋ᠤᠭᠠᠷ ᠰᠠᠷ᠎ᠠ ᠶᠢᠨ 19 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠡᠷᠭᠡ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠶ᠃ ᠤᠤᠯ ᠶᠠᠩᠵᠤ ᠪᠠᠷ ᠨᠢ ᠰᠤᠷᠤᠯᠴᠠᠬᠤ᠂ ᠦᠭᠡ ᠥᠭᠦᠯᠡᠪᠦᠷᠢ ᠳᠠᠷᠠᠭᠠᠯᠠᠨ ᠰᠤᠷᠤᠯᠴᠠᠬᠤ ᠶᠢ ᠪᠠᠷᠢᠮᠲᠠᠯᠠᠵᠤ᠂ ᠵᠣᠭᠰᠣᠴᠠ ᠠᠴᠠ ᠰᠡᠳᠬᠢᠬᠦ ᠪᠠᠨ ᠳᠡᠭᠡᠭᠰᠢᠯᠡᠭᠦᠯᠵᠦ᠂ ᠪᠣᠳᠠᠲᠠᠢ ᠲᠠᠢ ᠤᠶᠠᠯᠳᠤᠭᠤᠯᠤᠨ ᠰᠤᠳᠤᠯᠵᠤ᠂ ᠦᠨᠡᠨ ᠬᠦ ᠲᠠᠷᠢᠬᠢᠨ ᠳᠤ ᠬᠠᠳᠠᠩᠰᠢᠭᠤᠯᠤᠨ ᠰᠡᠳᠬᠢᠯ ᠳᠤ ᠬᠠᠳᠠᠩᠰᠢᠭᠤᠯᠬᠤ ᠶᠢ ᠪᠡᠶᠡᠯᠡᠭᠦᠯᠵᠦ᠂ ︽ᠠᠰᠠᠭᠤᠳᠠᠯ ᠳᠤ ᠰᠢᠭᠤᠳ ᠬᠠᠨᠳᠤᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ᠂ ᠰᠢᠰᠲ᠋ᠧᠮᠲᠦ ᠣᠶᠢᠯᠠᠭᠠᠭᠳᠠᠬᠤᠨ ᠢᠶᠠᠨ ᠨᠡᠮᠡᠭᠳᠡᠭᠦᠯᠬᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ︾ ᠵᠡᠷᠭᠡ ᠲᠠᠯ᠎ᠠ ᠶᠢᠨ ᠠᠵᠢᠯ ᠤᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠰᠠᠶᠢᠲᠤᠷ ᠪᠠᠳᠠᠷᠠᠭᠤᠯᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠶᠡᠭᠡ ᠲᠠᠯ᠎ᠠ ᠠᠴᠠ ᠪᠦᠬᠦ ᠠᠶᠢᠮᠠᠭ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠠᠵᠤ ᠦᠢᠯᠡᠰ ᠤᠨ ᠬᠥᠭᠵᠢᠯᠲᠡ ᠶᠢ ᠰᠦᠪᠡᠭᠴᠢᠯᠡᠵᠦ ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠪᠠᠶᠢᠷᠢᠰᠢᠭᠤᠯᠤᠯᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠠᠶᠢᠲᠤᠷ ᠠᠳᠬᠤᠬᠤ ᠬᠡᠷᠡᠭᠲᠡᠢ᠃ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠬᠢᠩᠭᠠᠨ ᠤ ᠬᠤᠷᠳᠤᠴᠠ᠂ ᠬᠢᠩᠭᠠᠨ ᠤ ᠡᠷᠴᠢᠮ ᠪᠣᠯᠤᠨ ᠬᠢᠩᠭᠠᠨ ᠤ ᠳᠤᠯᠠᠭᠠᠨ ᠤ ᠬᠡᠮᠵᠢᠶ᠎ᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠡᠩ ᠲᠦᠷᠭᠡᠨ ᠂ ᠨᠡᠩ ᠰᠠᠶᠢᠨ᠂ ᠨᠡᠩ ᠪᠣᠳᠠᠲᠠᠢ ᠬᠢᠬᠦ ᠬᠡᠷᠡᠭᠲᠡᠢ᠃ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠤᠶᠢᠪᠢᠰᠢ ᠦᠭᠡᠢ ᠠᠬᠢᠭᠤᠯᠵᠤ᠂ ᠦᠶᠡᠷ ᠢ ᠰᠡᠷᠭᠡᠶᠢᠯᠡᠬᠦ ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠠᠲᠤᠲᠠᠢ ᠠᠳᠬᠤᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠦᠨᠡᠨᠬᠦ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠬᠦ ᠪᠠᠷ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠬᠡᠷᠡᠭᠲᠡᠢ ᠭᠡᠪᠡ᠃ ᠠᠶᠢᠮᠠᠭ ᠤᠨ ᠤᠳᠤᠷᠢᠳᠤᠯᠭ᠎ᠠ ᠹᠧᠩ ᠠᠶ ᠰᠢᠶᠠ᠂ ᠴᠢᠨ ᠬᠤᠸᠠ ᠵᠧᠨ᠂ ᠬᠤᠸᠠᠩ ᠲᠤᠤ᠂ ᠯᠢᠶᠠᠩ ᠶᠠᠨ ᠵᠢᠶᠦ᠋ᠨ᠂ ᠴᠧᠨ ᠬᠤᠩ ᠪᠥᠸᠧ᠂ ᠰᠦᠨ ᠱᠦ ᠲᠤᠤ᠂ ᠵᠠᠩ ᠶᠦᠩ ᠴᠢᠶᠠᠩ᠂ ᠰᠦᠨ ᠳ᠋ᠧ ᠮᠢᠨ ᠬᠤᠷᠠᠯ ᠳᠤ ᠣᠷᠣᠯᠴᠠᠭᠰᠠᠨ ᠪᠥᠭᠡᠳ ᠪᠣᠳᠠᠲᠠᠶ ᠠᠵᠢᠯ ᠢ ᠪᠠᠶᠢᠷᠢᠯᠠᠭᠤᠯᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号