ᠰᠢᠤᠸᠠᠢ ᠲᠢᠶᠠᠨ ᠰᠢᠶᠠᠩ᠄ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠨᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠬᠦᠴᠢᠷ ᠠᠰᠠᠭᠤᠳᠠᠯ ᠢ ᠰᠢᠶᠳᠪᠦᠷᠢᠯᠡᠪᠡ
ᠨᠡᠶᠢᠲᠡᠯᠡᠭᠰᠡᠨ ᠴᠠᠭ᠄
2024/7/26
   ︽ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠤ ᠢᠯᠡᠷᠡᠯ ᠨᠢ ᠶᠡᠷᠦ ᠳᠡᠭᠡᠨ ᠡᠷᠳᠡᠨᠢ ᠰᠢᠰᠢ ᠶᠢᠨ ᠤᠷᠭᠤᠮᠠᠯ ᠤᠨ ᠰᠠᠭᠤᠷᠢ ᠶᠢᠨ ᠳᠣᠤᠷᠠᠳᠤ ᠬᠡᠰᠡᠭ ᠤᠨ ᠨᠠᠪᠴᠢ ᠠᠴᠠ ᠡᠭᠦᠰᠴᠦ᠂ ᠠᠭᠠᠵᠢᠮ ᠢᠶᠠᠷ ᠳᠡᠭᠡᠭᠰᠢ ᠳᠡᠯᠭᠡᠷᠡᠳᠡᠭ……︾ ᠭᠡᠵᠦ ᠰᠢᠤᠸᠠᠢ ᠲᠢᠶᠠᠨ ᠰᠢᠶᠠᠩ ᠤᠨ ᠶᠢᠨ ᠰᠢᠩ ᠲᠣᠰᠬᠤᠨ ᠤ ᠲᠠᠷᠢᠶᠠᠨ ᠭᠠᠵᠠᠷ ᠲᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠭᠧ ᠬᠤᠸᠠ ᠶᠠᠭ ᠲᠠᠷᠢᠶᠠᠴᠢᠨ ᠡᠷᠦᠬᠡ ᠳᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠤ ᠡᠪᠡᠳᠴᠢᠨ ᠤ ᠪᠠᠶᠢᠳᠠᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠶᠢ ᠵᠠᠳᠠᠯᠤᠨ ᠲᠠᠶᠢᠯᠪᠤᠷᠢᠯᠠᠵᠤ ᠥᠭᠴᠦ ᠪᠠᠶᠢᠨ᠎ᠠ᠃
   ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠨᠢᠭᠡᠨᠲᠡ ᠬᠡᠰᠡᠭ ᠭᠠᠵᠠᠷ ᠣᠷᠣᠨ ᠳᠤ ᠳᠡᠯᠭᠡᠷᠡᠪᠡ᠃ ᠡᠪᠡᠳᠴᠢᠨ ᠤ ᠪᠠᠶᠢᠳᠠᠯ ᠦᠷᠪᠢᠰᠦᠨ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠡᠪᠡᠳᠴᠢᠨ ᠢ ᠰᠡᠷᠭᠡᠶᠢᠯᠡᠵᠦ ᠡᠪᠡᠳᠴᠢᠨ ᠢ ᠡᠰᠡᠷᠭᠦᠴᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠨᠢ ᠡᠪᠡᠳᠴᠢᠨ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠬᠢᠵᠦ᠂ ᠡᠯ᠎ᠡ ᠲᠣᠰᠬᠤᠨ ᠤ ᠲᠠᠷᠢᠶᠠᠯᠠᠩ ᠤᠨ ᠮᠡᠷᠭᠡᠵᠢᠯᠲᠡᠨ᠂ ᠲᠠᠷᠢᠮᠠᠯ ᠤᠨ ᠲᠣᠮᠣ ᠡᠷᠦᠬᠡ᠂ ᠰᠢᠨ᠎ᠡ ᠬᠡᠯᠪᠡᠷᠢ ᠶᠢᠨ ᠲᠠᠷᠢᠮᠠᠯ ᠤᠨ ᠭᠤᠤᠯ ᠴᠣᠭᠴᠠ ᠵᠡᠷᠭᠡ 60 ᠭᠠᠷᠤᠶ ᠬᠥᠮᠦᠨ ᠲᠣᠰ ᠤᠳᠠᠭᠠᠨ ᠤ ᠲᠤᠬᠠᠶ ᠶᠢᠨ ᠭᠠᠵᠠᠷ ᠤᠨ ᠬᠤᠷᠠᠯ ᠳᠤ ᠣᠷᠣᠯᠴᠠᠪᠠ᠃
   ︽ᠡᠷᠳᠡᠨᠢ ᠰᠢᠰᠢ ᠶᠢᠨ ᠤᠮᠠᠷᠠᠲᠤ ᠣᠷᠣᠨ ᠤ ᠪᠣᠭᠤᠮ᠎ᠠ ᠡᠪᠡᠳᠴᠢᠨ ᠢ ᠪᠠᠰᠠ ︿ᠨᠢᠳᠦᠨ ᠤ ᠲᠣᠯᠪᠣᠲᠤ ᠡᠪᠡᠳᠴᠢᠨ﹀ ᠭᠡᠳᠡᠭ᠂ ᠲᠡᠷᠡ ᠨᠢ ᠠᠭᠠᠷ ᠤᠨ ᠤᠷᠤᠰᠬᠠᠯ ᠤᠨ ᠲᠠᠷᠬᠠᠬᠤ ᠡᠪᠡᠳᠴᠢᠨ ᠤ ᠬᠥᠨᠥᠭᠡᠯ ᠳᠤ ᠬᠠᠷᠢᠶᠠᠯᠠᠭᠳᠠᠨ᠎ᠠ᠂ ᠣᠨᠴᠠᠯᠢᠭ ᠨᠢ ᠪᠣᠯ ᠳᠡᠯᠭᠡᠷᠡᠬᠦ ᠴᠠᠭ ᠨᠢ ᠣᠬᠤᠷ᠂ ᠡᠭᠦᠰᠬᠦ ᠳᠠᠪᠲᠠᠮᠵᠢ ᠨᠢ ᠥᠨᠳᠥᠷ᠂ ᠬᠤᠤᠷ ᠬᠥᠨᠥᠭᠡᠯ ᠤᠨ ᠲᠠᠯᠠᠪᠠᠶ ᠨᠢ ᠶᠡᠭᠡ᠂ ᠡᠪᠡᠳᠴᠢᠨ ᠤ ᠬᠥᠨᠥᠭᠡᠯ ᠡᠭᠦᠰᠬᠦ ᠨᠢ ᠤᠷᠭᠤᠮᠠᠯ ᠤᠨ ᠬᠡᠷᠡᠯ ᠤᠨ ᠨᠡᠶᠢᠯᠡᠯᠭᠡ ᠶᠢᠨ ᠦᠶᠯᠡᠳᠦᠯ ᠢ ᠨᠥᠯᠥᠭᠡᠯᠡᠵᠦ᠂ ᠮᠥᠬᠦᠯᠢᠭᠲᠦ ᠡᠭᠡᠳᠡᠩ ᠨᠢ ᠭᠦᠶᠴᠡᠳ ᠥᠬᠡᠶ ᠪᠣᠯᠭᠠᠵᠤ᠂ ᠡᠷᠳᠡᠨᠢ ᠰᠢᠰᠢ ᠶᠢᠨ ᠤᠨᠠᠯᠲᠠ ᠶᠢ ᠬᠦᠨᠳᠦ ᠨᠣᠴᠢᠲᠠᠶ ᠪᠠᠭᠤᠷᠠᠭᠤᠯᠳᠠᠭ᠃ ᠬᠤᠷᠠᠯ ᠳᠡᠭᠡᠷ᠎ᠡ᠂ ᠲᠦᠴᠢᠦᠸᠠᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠵᠣᠣ ᠵᠢᠩ ᠹᠠᠩ ᠲᠠᠷᠢᠶᠠᠴᠢᠨ ᠡᠷᠦᠬᠡ ᠳᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠤ ᠡᠪᠡᠳᠴᠢᠨ ᠤ ᠬᠥᠨᠥᠭᠡᠯ ᠳᠡᠯᠭᠡᠷᠡᠵᠦ ᠪᠠᠶᠢᠭ᠎ᠠ ᠭᠤᠷᠪᠠᠨ ᠮᠠᠭᠤ ᠨᠥᠬᠦᠴᠡᠯ ᠪᠠ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ  ᠶᠢ ᠲᠦᠭᠡᠮᠡᠯᠵᠢᠭᠦᠯᠵᠦ᠂ ᠣᠳᠣᠬᠠᠨ ᠤ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠲᠤᠬᠠᠶ ᠠᠬᠤᠶ ᠲᠠᠯᠠᠪᠠᠶ  ᠶᠢᠨ ᠦᠵᠡᠭᠦᠯᠦᠯᠭᠡ ᠪᠠ ᠨᠠᠷᠢᠨ ᠲᠠᠶᠢᠯᠤᠮᠵᠢ ᠬᠢᠵᠦ᠂ ᠥᠷᠭᠡᠨ ᠣᠯᠠᠨ ᠲᠠᠷᠢᠶᠠᠴᠢᠨ ᠡᠷᠦᠬᠡ ᠶᠢ ᠢᠳᠡᠪᠬᠢᠲᠡᠶ ᠬᠥᠳᠡᠯᠦᠯᠴᠡᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ ᠠᠵᠢᠯ ᠢ ᠡᠷᠲᠡᠬᠡᠨ ᠥᠷᠨᠢᠭᠦᠯᠬᠦ ᠶᠢ ᠤᠷᠢᠶᠠᠯᠠᠪᠠ᠃ ᠳᠠᠷᠠᠭ᠎ᠠ ᠨᠢ᠂ ᠠᠵᠢᠯᠲᠠᠳ ᠲᠤᠬᠠᠶ ᠶᠢᠨ ᠲᠠᠯᠠᠪᠠᠶ ᠳᠤ ᠰᠡᠷᠭᠡᠶᠢᠯᠡᠨ ᠵᠠᠰᠠᠬᠤ ᠡᠮ ᠨᠠᠶᠢᠷᠠᠭᠤᠯᠬᠤ ᠵᠢᠴᠢ ᠵᠢᠯᠣᠭᠤᠴᠢ ᠥᠬᠡᠶ ᠨᠢᠰᠬᠡᠯ ᠢᠶᠠᠷ ᠰᠡᠷᠭᠡᠶᠢᠯᠡᠬᠦ ᠵᠢᠱᠢᠶ᠎ᠡ ᠦᠵᠡᠭᠦᠯᠬᠦ ᠦᠵᠡᠭᠦᠯᠭᠡ ᠬᠢᠵᠦ᠂ ᠪᠥᠬᠦ ᠵᠢᠯ ᠤᠨ ᠠᠮᠤ ᠪᠤᠳᠠᠭᠠᠨ ᠤ ᠥᠨᠳᠥᠷ ᠲᠣᠭᠲᠠᠭᠤᠨ ᠤᠨᠠᠯᠲᠠ ᠶᠢ ᠦᠨᠡᠨ ᠬᠦ ᠪᠠᠲᠤᠯᠠᠪᠠ᠃
   ︽ᠮᠠᠨ ᠤ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠠᠶᠢᠨ ᠢᠶᠠᠷ ᠪᠢᠳᠡ ᠰᠠᠶ᠋ᠢ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠢ ᠣᠯᠵᠤ ᠮᠡᠳᠡᠵᠡᠶ᠂ ᠡᠰᠡ ᠯᠡ ᠪᠤᠷᠤᠭᠤ ᠡᠮᠨᠡᠨ ᠵᠠᠰᠠᠬᠤ ᠠᠷᠭ᠎ᠠ ᠬᠡᠷᠡᠭᠯᠡᠬᠦ ᠰᠢᠬᠠᠵᠠᠶ᠂ ᠡᠨᠡ ᠤᠳᠠᠭ᠎ᠠ ᠵᠢᠯᠤᠭᠤᠳᠤᠯᠭ᠎ᠠ ᠶᠤᠰᠤᠭᠠᠷ ᠡᠮ ᠴᠤᠬᠤᠶᠢᠭᠰᠠᠨ ᠠᠴᠠ ᠮᠠᠨ ᠤ ᠲᠠᠷᠢᠶᠠᠴᠢᠨ ᠡᠷᠦᠬᠡ ᠶᠢᠨ ᠡᠷᠳᠡᠨᠢ ᠰᠢᠰᠢ ᠶᠢᠨ ᠠᠶᠤᠯᠭᠦᠶ ᠦᠶᠯᠡᠳᠪᠦᠷᠢᠯᠡᠯ ᠢ ᠪᠠᠲᠤᠯᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠠᠴᠠ ᠪᠣᠯᠤᠭᠰᠠᠨ ᠤᠨᠠᠯᠲᠠ ᠶᠢᠨ ᠬᠤᠬᠢᠷᠠᠯ ᠢ ᠪᠠᠭᠠᠰᠬᠠᠵᠤ᠂ ᠮᠠᠨ ᠤ ᠠᠵᠤ ᠠᠬᠤᠶ ᠶᠢᠨ ᠠᠰᠢᠭ ᠲᠤᠰᠠ ᠶᠢ ᠡᠭᠡᠭᠦᠯᠵᠦ ᠠᠪᠴᠢᠷᠠᠭᠰᠠᠨ ᠪᠠᠶᠢᠨ᠎ᠠ᠃︾ ᠭᠡᠵᠦ ᠰᠢᠤᠸᠠᠢ ᠲᠢᠶᠠᠨ ᠰᠢᠶᠠᠩ ᠤᠨ ᠶᠢᠨ ᠰᠢᠩ ᠲᠣᠰᠬᠤᠨ ᠤ ᠲᠠᠷᠢᠶᠠᠴᠢᠨ ᠯᠢ ᠴᠤᠤ ᠳ᠋ᠦᠩ ᠬᠡᠯᠡᠪᠡ᠃    ᠠᠮᠤ ᠪᠤᠳᠠᠭᠠᠨ ᠤ ᠬᠠᠩᠭᠠᠯᠭ᠎ᠠ ᠶᠢ ᠨᠡᠮᠡᠭᠳᠡᠭᠦᠯᠬᠦ ᠳᠤ ᠲᠧᠭᠨᠢᠭ ᠮᠡᠷᠭᠡᠵᠢᠯ ᠳᠤ ᠲᠦᠰᠢᠭᠯᠡᠬᠦ ᠬᠡᠷᠡᠭᠲᠡᠢ᠂ ᠭᠡᠬᠦ  ᠳᠡᠭᠡᠨ ᠤᠷᠢᠳᠠᠪᠠᠷ ᠲᠠᠷᠢᠶᠠᠴᠢᠨ ᠳᠤ ᠲᠧᠭᠨᠢᠭ ᠮᠡᠷᠭᠡᠵᠢᠯ ᠵᠢᠭᠠᠬᠤ ᠬᠡᠷᠡᠭᠲᠡᠢ᠃ ᠰᠢᠨ᠎ᠡ ᠮᠡᠳᠡᠯᠭᠡ ᠶᠢ ᠡᠵᠡᠮᠰᠢᠵᠦ᠂ ᠰᠢᠨ᠎ᠡ ᠮᠡᠷᠭᠡᠵᠢᠯ ᠢ ᠰᠤᠷᠪᠠᠯ ᠰᠠᠶ᠋ᠢ ᠲᠠᠷᠢᠶᠠᠯᠠᠩ ᠢ ᠡᠷᠡᠮᠡᠯᠵᠡᠯ ᠲᠠᠢ ᠠᠵᠤ ᠦᠢᠯᠡᠰ ᠪᠣᠯᠭᠠᠵᠤ᠂ ᠰᠢᠨ᠎ᠡ ᠮᠠᠶ᠋ᠢᠭ ᠤᠨ ᠲᠠᠷᠢᠶᠠᠴᠢᠳ ᠢ ᠲᠠᠲᠠᠬᠤ ᠬᠦᠴᠦᠨ ᠲᠠᠢ ᠰᠢᠨ᠎ᠡ ᠠᠵᠢᠯ ᠮᠡᠷᠭᠡᠵᠢᠯ ᠪᠣᠯᠭᠠᠵᠤ ᠴᠢᠳᠠᠨ᠎ᠠ᠃ ᠵᠠᠯᠭᠠᠭᠠᠳ᠂ ᠰᠢᠤᠸᠠᠢ ᠲᠢᠶᠠᠨ ᠰᠢᠶᠠᠩ ᠲᠠᠷᠢᠶᠠᠯᠠᠩ ᠤᠨ ᠦᠶᠯᠡᠳᠪᠦᠷᠢᠯᠡᠯ ᠤᠨ ᠮᠡᠷᠭᠡᠵᠢᠯ ᠢ ᠲᠦᠭᠡᠮᠡᠯᠵᠢᠭᠦᠯᠬᠦ ᠪᠠ ᠵᠢᠯᠣᠭᠤᠳᠬᠤ ᠪᠠᠨ ᠦᠷᠭᠦᠯᠵᠢᠯᠡᠨ ᠴᠢᠩᠭᠠᠳᠬᠠᠵᠤ᠂ ᠠᠯᠪᠠᠨ ᠬᠡᠷ ᠢᠶᠠᠨ ᠲᠠᠷᠢᠶᠠᠨ ᠭᠠᠵᠠᠷ ᠲᠤ ᠨᠡᠭᠦᠯᠭᠡᠵᠦ᠂ ᠮᠡᠳᠡᠭᠦᠯᠦᠯᠲᠡ ᠶᠢᠨ ᠬᠦᠰᠦᠨᠦᠭᠲᠦ ᠪᠠᠨ ᠲᠠᠷᠢᠶᠠᠨ ᠭᠠᠵᠠᠷ ᠲᠤ ᠪᠢᠴᠢᠵᠦ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠲᠠᠷᠢᠶᠠᠨ ᠭᠠᠵᠠᠷ ᠤᠨ ᠵᠢᠯᠣᠭᠤᠳᠣᠯᠭ᠎ᠠ ᠪᠠ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢ ᠬᠠᠪᠰᠤᠷᠤᠨ ᠲᠠᠷᠢᠶᠠᠯᠠᠩ ᠤᠨ ᠦᠶᠯᠡᠳᠪᠦᠷᠢᠯᠡᠯ ᠳᠤ ᠲᠤᠯᠭᠠᠷᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠢ ᠰᠢᠶᠳᠪᠦᠷᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号