ᠶᠦᠩ ᠠᠨ ᠪᠠᠯᠭᠠᠰᠤ ︽ᠬᠤᠶᠠᠷ ᠥᠮᠡᠨ ᠢ ᠰᠢᠭᠰᠢᠨ ᠪᠠᠶᠢᠴᠠᠭᠠᠬᠤ︾ ᠠᠵᠢᠯ ᠢ ᠰᠠᠶᠢᠲᠤᠷ ᠬᠢᠵᠦ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/7/26
   ︽ᠰᠠᠪᠠ ᠶᠢᠨ ᠬᠦᠵᠦᠭᠦᠨ ᠤ ᠥᠮᠡᠨ︾ ᠪᠠ ︽ᠬᠥᠬᠦᠨ ᠪᠤᠯᠴᠢᠷᠬᠠᠶ ᠶᠢᠨ ᠥᠮᠡᠨ︾ ᠨᠢ ᠡᠮᠡᠭᠲᠡᠶᠢᠴᠦᠳ ᠤᠨ ᠦᠷᠭᠦᠯᠵᠢ ᠲᠣᠬᠢᠶᠠᠯᠳᠤᠳᠠᠭ ᠬᠤᠤᠷᠲᠤ ᠬᠠᠪᠤᠳᠠᠷ ᠤᠨ ᠡᠪᠡᠳᠴᠢᠨ ᠪᠣᠯᠤᠭᠰᠠᠨ ᠤ ᠬᠤᠪᠢ ᠳᠤ ᠡᠮᠡᠭᠲᠡᠶᠢᠴᠦᠳ ᠤᠨ ᠡᠷᠡᠭᠦᠯ ᠮᠡᠨᠳᠦ ᠪᠠ ᠠᠮᠢ ᠨᠠᠰᠤᠨ ᠳᠤ ᠬᠦᠨᠳᠦ ᠨᠣᠴᠢᠲᠠᠶ ᠰᠦᠷᠳᠡᠭᠦᠯᠦᠯ ᠪᠣᠯᠤᠭᠰᠠᠭᠠᠷ ᠢᠷᠡᠵᠡᠶ᠃ ︽ᠬᠤᠶᠠᠷ ᠥᠮᠡᠨ︾ ᠡᠭᠦᠰᠬᠦ ᠨᠣᠷᠮ᠎ᠠ ᠪᠠ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ᠂ ︽ᠬᠤᠶᠠᠷ ᠥᠮᠡᠨ︾ ᠤ ᠡᠷᠲᠡ ᠣᠨᠣᠰᠢᠯᠠᠵᠤ ᠡᠷᠲᠡ ᠡᠮᠨᠡᠨ ᠵᠠᠰᠠᠬᠤ ᠶᠢ ᠶᠡᠭᠡ ᠪᠠᠷ ᠳᠡᠭᠡᠭᠰᠢᠯᠡᠭᠦᠯᠬᠦ ᠶᠢᠨ ᠲᠥᠯᠥᠭᠡ᠂ ᠶᠦᠩ ᠠᠨ ᠪᠠᠯᠭᠠᠰᠤ 2022 ᠣᠨ ᠠᠴᠠ ᠡᠬᠢᠯᠡᠨ᠂ ᠪᠥᠬᠦ ᠪᠠᠯᠭᠠᠰᠤᠨ ᠤ ᠵᠤᠬᠢᠬᠤ ᠨᠠᠰᠤᠨ ᠤ ᠡᠮᠡᠭᠲᠡᠶᠢᠴᠦᠳ ᠲᠤ ᠰᠦᠶᠳᠬᠡᠯ ᠬᠤᠷᠢᠶᠠᠬᠤ ᠥᠬᠡᠶ ᠪᠠᠷ ︽ᠬᠤᠶᠠᠷ ᠥᠮᠡᠨ ᠤ ᠰᠢᠭᠰᠢᠨ ᠪᠠᠶᠢᠴᠠᠭᠠᠯᠲᠠ︾ ᠬᠠᠩᠭᠠᠭᠰᠠᠨ ᠪᠥᠭᠡᠳ ᠲᠡᠳᠡᠨ ᠳᠤ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠵᠤ᠂ ᠪᠥᠬᠦ ᠪᠠᠯᠭᠠᠰᠤᠨ ᠤ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠪᠠ᠃
   ᠤᠬᠠᠭᠤᠯᠤᠨ ᠳᠠᠶᠢᠴᠢᠯᠠᠵᠤ᠂ ᠵᠣᠬᠢᠬᠤ ᠨᠠᠰᠤᠨ ᠤ ᠡᠮᠡᠭᠲᠡᠶᠢᠴᠦᠳ ᠤᠨ ᠪᠠᠶᠢᠳᠠᠯ ᠢ ᠮᠡᠳᠡᠵᠦ ᠰᠢᠭᠰᠢᠨ ᠪᠠᠶᠢᠴᠠᠭᠠᠬᠤ ᠠᠵᠢᠯ ᠢ ᠦᠨᠡᠨᠬᠦ ᠪᠠᠲᠤᠯᠠᠬᠤ ᠬᠡᠷᠡᠭᠲᠡᠶ᠃ ︽ᠬᠤᠶᠠᠷ ᠥᠮᠡᠨ ᠢ ᠰᠢᠭᠰᠢᠨ ᠪᠠᠶᠢᠴᠠᠭᠠᠬᠤ︾ ᠠᠵᠢᠯ ᠤᠨ ᠤᠷᠤᠭᠰᠢᠲᠠᠶ ᠪᠥᠭᠡᠳ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠶᠦᠩ ᠠᠨ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠦᠴᠦᠨ ᠢ ᠳᠠᠶᠢᠴᠢᠯᠠᠵᠤ᠂ ᠰᠦᠯᠵᠢᠶᠡᠨ ᠳᠡᠭᠡᠷᠡᠬᠢ ᠸᠢᠴᠠᠲ ᠢᠶᠠᠷ ᠰᠢᠭᠰᠢᠨ ᠪᠠᠶᠢᠴᠠᠭᠠᠬᠤ ᠭᠠᠵᠠᠷ ᠪᠠ ᠴᠠᠭ ᠢ ᠤᠨ ᠳᠠᠮᠵᠢᠭᠤᠯᠤᠨ  ᠲᠠᠷᠬᠠᠭᠠᠵᠦ᠂ ᠰᠦᠯᠵᠢᠶᠡᠨ ᠭᠠᠳᠠᠨ᠎ᠠ ᠬᠠᠷᠭᠤᠭᠤᠯᠤᠨ ᠪᠠᠶᠢᠴᠠᠭᠠᠭᠰᠠᠨ ᠥᠬᠡᠶ ᠨᠡᠷᠡᠰ ᠢ ᠡᠷᠦᠬᠡ ᠳᠠᠷᠠᠭᠠᠯᠠᠨ ᠬᠡᠷ ᠲᠤᠨᠢ ᠬᠦᠷᠴᠦ ᠰᠤᠷᠪᠤᠯᠵᠢᠯᠠᠬᠤ ᠳᠠᠶᠢᠴᠢᠯᠠᠯᠲᠠ ᠬᠢᠵᠦ᠂ ᠲᠣᠰᠬᠤᠨ ᠤ ᠳᠣᠲᠣᠷ᠎ᠠ ︽ᠲᠣᠰᠬᠤᠨ ᠪᠤᠯᠠᠭᠠᠨ ᠳᠤ ᠲᠤᠤᠭᠠᠷᠬᠤ︾ ᠲᠣᠮᠣ ᠪᠦᠷᠢᠶ᠎ᠡ ᠪᠠᠷ ᠮᠡᠳᠡᠭᠳᠡᠯ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠪᠠᠯᠭᠠᠰᠤᠨ ᠤ ᠳᠣᠲᠣᠷᠠᠬᠢ ᠵᠣᠬᠢᠬᠤ ᠨᠠᠰᠤᠨ ᠤ ᠡᠮᠡᠭᠲᠡᠶᠢᠴᠦᠳ ᠤᠨ ᠪᠠᠶᠢᠳᠠᠯ ᠢ ᠣᠶᠢᠯᠠᠭᠠᠵᠤ ᠰᠢᠭᠰᠢᠨ ᠪᠠᠶᠢᠴᠠᠭᠠᠬᠤ ᠠᠵᠢᠯ ᠢ ᠦᠨᠡᠨ ᠬᠦ ᠪᠠᠲᠤᠯᠠᠪᠠ᠃ ᠡᠭᠦᠨ ᠤ ᠬᠠᠮᠲᠤ ︽ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ︾ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠬᠠᠷᠠᠯᠲᠠ ᠡᠭᠦᠷᠭᠡ᠂ ᠰᠢᠭᠰᠢᠨ ᠪᠠᠶᠢᠴᠠᠭᠠᠬᠤ ᠡᠳᠦᠷ ᠬᠤᠭᠤᠴᠠᠭ᠎ᠠ ᠪᠠ ᠡᠯ᠎ᠡ ᠲᠣᠰᠬᠤᠨ ᠤ ᠪᠣᠳᠠᠲᠤ ᠪᠠᠶᠢᠳᠠᠯ ᠶᠣᠰᠣᠭᠠᠷ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ ᠤ ︽ᠬᠤᠶᠠᠷ ᠥᠮᠡᠨ ᠢ ᠰᠢᠭᠰᠢᠨ ᠪᠠᠶᠢᠴᠠᠭᠠᠬᠤ︾ ᠠᠵᠢᠯ ᠬᠢᠬᠦ ᠳᠤ ᠲᠤᠯᠭᠠᠷᠠᠭᠰᠠᠨ ᠬᠦᠴᠢᠷ ᠠᠰᠠᠭᠤᠳᠠᠯ ᠢ ᠰᠢᠶᠳᠪᠦᠷᠢᠯᠡᠨ᠎ᠡ᠃ ᠣᠲᠣ ᠪᠣᠯᠲᠠᠯ᠎ᠠ᠂ ᠬᠠᠮᠤᠭ ᠤᠨ ᠰᠢᠨ᠎ᠡ ᠨᠢᠭᠡ ᠡᠭᠡᠯᠵᠢ ᠶᠢᠨ ᠰᠦᠶᠳᠬᠡᠯ ᠬᠤᠷᠢᠶᠠᠬᠤ ᠥᠬᠡᠶ ︽ᠬᠤᠶᠠᠷ ᠥᠮᠡᠨ ᠤ ᠰᠢᠭᠰᠢᠨ ᠪᠠᠶᠢᠴᠠᠭᠠᠯᠲᠠ︾ ᠨᠢ ᠨᠢᠭᠡᠨᠲᠡ ᠪᠥᠬᠦ ᠪᠠᠯᠭᠠᠰᠤᠨ ᠤ 1600 ᠭᠠᠷᠤᠶ ᠵᠤᠬᠢᠬᠤ ᠨᠠᠰᠤᠨ ᠳᠤ ᠭᠦᠷᠦᠭᠰᠡᠨ ᠡᠮᠡᠭᠲᠡᠶᠢᠴᠦᠳ ᠲᠤ ᠠᠰᠢᠭ ᠬᠦᠷᠲᠡᠭᠡᠵᠦ᠂ ᠡᠮᠡᠭᠲᠡᠶᠢᠴᠦᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠦᠨᠡᠨᠬᠦ ︽ᠬᠠᠮᠠᠭᠠᠯᠠᠭᠴᠢ︾ ᠪᠣᠯᠵᠣ ᠴᠢᠳᠠᠭᠰᠠᠨ ᠪᠠᠶᠢᠨ᠎ᠠ᠃
   ᠲᠠᠶᠢᠯᠤᠮᠵᠢ ᠥᠷᠨᠢᠭᠦᠯᠵᠦ᠂ ᠡᠮᠡᠭᠲᠡᠶᠢᠴᠦᠳ ᠣᠯᠠᠨ ᠲᠦᠮᠡᠨ ᠤ ᠰᠡᠷᠭᠡᠶᠢᠯᠡᠨ ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠥᠷᠭᠡᠨ ᠣᠯᠠᠨ ᠡᠮᠡᠭᠲᠡᠶᠢᠴᠦᠳ ᠲᠤ ︽ᠬᠤᠶᠠᠷ ᠥᠮᠡᠨ ᠢ ᠰᠡᠷᠭᠡᠶᠢᠯᠡᠨ ᠵᠠᠰᠠᠬᠤ︾ ᠬᠠᠮᠢᠶ᠎ᠠ ᠪᠥᠬᠦᠶ ᠮᠡᠳᠡᠯᠭᠡ ᠶᠢ ᠨᠠᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠶᠦᠩ ᠠᠨ ᠪᠠᠯᠭᠠᠰᠤᠨ ᠤ ᠡᠮᠡᠭᠲᠡᠶᠢᠴᠦᠳ  ᠤᠨ ᠬᠤᠯᠪᠣᠭ᠎ᠠ ᠠᠴᠠ ᠰᠢᠶᠠᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠣᠯᠠᠨ ᠤᠳᠠᠭ᠎ᠠ ᠤᠷᠢᠵᠤ ︽ᠬᠤᠶᠠᠷ ᠥᠮᠡᠨ︾ ᠤ ᠮᠡᠳᠡᠯᠭᠡ ᠶᠢᠨ ᠲᠠᠶᠢᠯᠤᠮᠵᠢ ᠬᠢᠯᠭᠡᠪᠡ᠃ ᠠᠵᠢᠯᠯᠠᠭ᠎ᠠ ᠶᠢᠨ ᠳᠤᠮᠳᠠ᠂ ᠯᠧᠺᠲ᠋ᠣᠷ ᠠᠴᠠ ᠵᠢᠷᠤᠭ ᠪᠢᠴᠢᠭ ᠢ ᠵᠡᠷᠭᠡ ᠪᠠᠷ ᠬᠡᠷᠡᠭᠯᠡᠬᠦ ᠠᠷᠭ᠎ᠠ ᠬᠡᠯᠪᠡᠷᠢ ᠪᠠᠷ ᠬᠥᠬᠦᠨ ᠪᠤᠯᠴᠢᠷᠬᠠᠶ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠤ ᠡᠪᠡᠳᠴᠢᠨ ᠡᠭᠦᠰᠦᠭᠰᠡᠨ ᠰᠢᠯᠲᠠᠭᠠᠨ᠂ ᠡᠮᠴᠢᠯᠡᠭᠡᠨ ᠤ ᠢᠯᠡᠷᠡᠯ ᠵᠡᠷᠭᠡ ᠮᠡᠳᠡᠯᠭᠡ  ᠶᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠥᠭᠡᠳ ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠠᠩᠬᠠᠨ ᠤ ᠰᠢᠭᠰᠢᠨ ᠪᠠᠶᠢᠴᠠᠭᠠᠯᠲᠠ ᠶᠢᠨ ᠬᠡᠪ ᠤᠨ ᠪᠤᠰᠤ ᠪᠠᠶᠢᠳᠠᠯ ᠢ ᠳᠠᠬᠢᠨ ᠪᠠᠶᠢᠴᠠᠭᠠᠬᠤ ᠶᠢᠨ ᠴᠢᠬᠤᠯᠠ ᠴᠢᠨᠠᠷ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠥᠷᠭᠡᠨ ᠣᠯᠠᠨ ᠡᠮᠡᠭᠲᠡᠶᠢᠴᠦᠳ ᠢ ︽ᠬᠤᠶᠠᠷ ᠥᠮᠡᠨ︾ ᠢ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠬᠤ ᠠᠵᠢᠯ  ᠳᠤ ᠢᠳᠡᠪᠬᠢᠲᠡᠶ ᠣᠷᠣᠯᠴᠠᠬᠤ ᠶᠢ ᠤᠷᠢᠶᠠᠯᠠᠪᠠ᠃ ᠣᠳᠣᠬᠠᠨ ᠪᠣᠯᠲᠠᠯ᠎ᠠ᠂ ᠶᠦᠩ ᠠᠨ ᠪᠠᠯᠭᠠᠰᠤ ᠨᠢᠭᠡᠨᠲᠡ ︽ᠬᠤᠶᠠᠷ ᠥᠮᠡᠨ ᠢ ᠰᠡᠷᠭᠡᠶᠢᠯᠡᠨ ᠵᠠᠰᠠᠬᠤ ᠮᠡᠳᠡᠯᠭᠡ ᠶᠢ ᠦᠨᠳᠦᠰᠦᠨ ᠱᠠᠲᠤᠨ ᠳᠤ ᠬᠦᠷᠭᠡᠬᠦ︾ ᠲᠠᠶᠢᠯᠤᠮᠵᠢ ᠶᠢ 3 ᠤᠳᠠᠭ᠎ᠠ ᠡᠷᠭᠢᠯᠡᠭᠰᠡᠨ ᠪᠥᠭᠡᠳ 200 ᠭᠠᠷᠤᠶ ᠬᠤᠪᠢ ᠡᠮᠡᠭᠲᠡᠶ ᠶᠢᠨ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ  ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 200 ᠭᠠᠷᠤᠶ ᠡᠮᠡᠭᠲᠡᠶᠢᠴᠦᠳ ᠲᠤ ᠠᠰᠢᠭ ᠬᠦᠷᠲᠡᠭᠡᠪᠡ᠃
   ᠲᠤᠶᠢᠯ ᠤᠨ ᠣᠨᠣᠪᠴᠢᠲᠠᠶ ᠪᠠᠷ ᠲᠠᠩᠰᠠ ᠡᠪᠬᠡᠮᠡᠯ ᠪᠠᠶᠢᠭᠤᠯᠵᠤ᠂ ᠵᠣᠬᠢᠬᠤ ᠨᠠᠰᠤᠨ ᠤ ᠡᠮᠡᠭᠲᠡᠶᠢᠴᠦᠳ ᠤᠨ ᠪᠦᠬᠦᠨ ᠢ ᠪᠠᠶᠢᠴᠠᠭᠠᠬᠤ ᠶᠢ ᠦᠨᠡᠨᠬᠦ ᠪᠠᠳᠤᠯᠠᠨ᠎ᠠ᠃ ᠬᠠᠷ᠎ᠠ ᠥᠷᠯᠥᠭᠡ᠂ ᠡᠯ᠎ᠡ ᠲᠣᠰᠬᠤᠨ ᠠᠴᠠ ᠮᠣᠷᠳᠠᠵᠤ ᠰᠢᠭᠰᠢᠨ ᠪᠠᠶᠢᠴᠠᠭᠠᠬᠤ ᠠᠷᠠᠳ ᠢ ᠳᠦᠭᠦᠷᠲᠡᠯ᠎ᠡ ᠲᠡᠭᠡᠭᠡᠭᠰᠡᠨ ᠲᠡᠷᠭᠡ ᠶᠦᠩ ᠠᠨ ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠳᠤ ᠵᠣᠭᠰᠣᠵᠤ᠂ ᠰᠢᠭᠰᠢᠨ ᠪᠠᠶᠢᠴᠠᠭᠠᠬᠤ ᠪᠠᠷ ᠢᠷᠡᠭᠰᠡᠨ ᠬᠦᠮᠦᠰ ᠤᠯᠠᠮ ᠠᠴᠠ ᠤᠯᠠᠮ ᠣᠯᠠᠰᠢᠷᠠᠬᠤ ᠶᠢ ᠳᠠᠭᠠᠯᠳᠤᠨ᠂ ᠣᠯᠠᠨ ᠢᠶᠠᠷ ᠢᠶᠠᠨ ᠤᠬᠠᠮᠰᠠᠷ ᠠᠴᠠ ᠪᠠᠨ ᠮᠥᠷᠯᠡᠨ ᠵᠢᠭᠰᠠᠵᠤ᠂ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠤ ᠵᠢᠯᠣᠭᠤᠳᠣᠯᠭ᠎ᠠ ᠳᠣᠤᠷ᠎ᠠ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠪᠢᠴᠢᠵᠦ᠂ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ ᠰᠢᠭᠰᠢᠨ ᠪᠠᠶᠢᠴᠠᠭᠠᠬᠤ ᠶᠠᠪᠤᠴᠠ ᠳᠤ᠂ ᠡᠮᠴᠢ ᠰᠤᠪᠢᠯᠠᠭᠴᠢ ᠠᠴᠠ ᠰᠢᠭᠰᠢᠨ ᠪᠠᠶᠢᠴᠠᠭᠠᠬᠤ ᠠᠵᠢᠯᠲᠠᠨ ᠤ ᠪᠡᠶ᠎ᠡ ᠶᠢᠨ ᠪᠠᠶᠢᠳᠠᠯ ᠢ ᠨᠠᠷᠢᠨ ᠬᠢᠨᠠᠮᠠᠭᠠᠶ ᠠᠰᠠᠭᠤᠨ ᠯᠠᠪᠯᠠᠵᠤ᠂ ᠳᠠᠷᠠᠭ᠎ᠠ ᠨᠢ ᠡᠯ᠎ᠡ ᠵᠦᠶᠯ  ᠤᠨ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠶ ᠬᠢᠵᠦ᠂ ︽ᠬᠤᠶᠠᠷ ᠥᠮᠡᠨ ᠤ ᠰᠢᠭᠰᠢᠨ ᠪᠠᠶᠢᠴᠠᠭᠠᠯᠲᠠ︾ ᠶᠢ ᠠᠯᠢ ᠨᠢᠭᠡ ᠬᠥᠮᠦᠨ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃    ︽ᠬᠡᠷᠪᠡ ᠡᠮᠨᠡᠯᠭᠡ ᠳᠤ ᠣᠴᠢᠪᠠᠯ᠂ ︿ᠬᠤᠶᠠᠷ ᠥᠮᠡᠨ ᠢ ᠰᠢᠭᠰᠢᠨ ᠪᠠᠶᠢᠴᠠᠭᠠᠬᠤ﹀ ᠳᠤ ᠪᠠᠭ᠎ᠠ ᠪᠤᠰᠤ ᠵᠣᠭᠤᠰ ᠵᠠᠷᠤᠴᠠᠭᠤᠯᠤᠨ᠎ᠠ᠂ ᠵᠣᠯ ᠢᠶᠠᠷ ᠣᠲᠣ ᠦᠨ᠎ᠡ ᠲᠥᠯᠥᠪᠦᠷᠢ ᠥᠬᠡᠶ ᠪᠠᠷ ᠰᠢᠭᠰᠢᠨ ᠪᠠᠶᠢᠴᠠᠭᠠᠵᠤ᠂ ᠰᠢᠭᠰᠢᠨ ᠪᠠᠶᠢᠴᠠᠭᠠᠭᠰᠠᠨ ᠤ ᠳᠠᠷᠠᠭ᠎ᠠ ᠦᠷ᠎ᠡ ᠳ᠋ᠦᠩ ᠨᠢ ᠰᠠᠶᠢᠨ ᠪᠠᠶᠢᠵᠦ᠂ ᠰᠡᠳᠬᠢᠯ ᠠᠮᠠᠷᠠᠭᠰᠠᠨ ᠪᠠᠶᠢᠨ᠎ᠠ᠃︾ ᠭᠡᠵᠦ ᠶᠦᠩ ᠵᠢᠤ ᠲᠣᠰᠬᠤᠨ ᠤ ᠠᠷᠠᠳ ᠵᠢᠶᠠ ᠸᠧᠢ ᠸᠧᠢ ᠬᠡᠯᠡᠨ᠎ᠡ᠃    ᠡᠮᠡᠭᠲᠡᠶᠢᠴᠦᠳ ᠲᠤ ᠨᠠᠩ ᠰᠠᠶᠢᠨ ᠦᠶᠯᠡᠴᠢᠯᠡᠭᠡ ᠬᠠᠩᠭᠠᠵᠤ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠦᠶᠯᠡᠴᠢᠯᠡᠭᠡ ᠶᠢ ᠬᠡᠷ ᠤᠨ ᠡᠭᠦᠳᠡᠨ ᠳᠤ ᠨᠢ ᠬᠦᠷᠭᠡᠵᠦ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ ᠵᠠᠯᠭᠠᠭᠠᠳ᠂ ᠶᠦᠩ ᠠᠨ ᠪᠠᠯᠭᠠᠰᠤ ︽ᠬᠤᠶᠠᠷ ᠥᠮᠡᠨ ᠢ ᠰᠢᠭᠰᠢᠨ ᠪᠠᠶᠢᠴᠠᠭᠠᠬᠤ︾ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠵᠤ᠂ ︽ᠬᠤᠶᠠᠷ ᠥᠮᠡᠨ ᠢ ᠰᠢᠭᠰᠢᠨ ᠪᠠᠶᠢᠴᠠᠭᠠᠬᠤ︾ ᠤᠬᠠᠭᠤᠯᠭ᠎ᠠ ᠳᠠᠶᠢᠴᠢᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠨᠡ ᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠᠷ ᠨᠠᠩ ᠣᠯᠠᠨ ᠬᠥᠮᠦᠨ ᠳᠤ ᠠᠰᠢᠭ ᠬᠦᠷᠲᠡᠭᠡᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号