ᠦᠰᠦᠭ ᠪᠢᠴᠢᠭ ᠢᠶᠠᠷ ᠦᠭᠦᠯᠡᠬᠦᠢ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠦᠴᠢᠦᠸᠠᠨ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠳᠤ ᠦᠯᠡᠳᠡᠭᠡᠭᠰᠡᠨ ᠭᠠᠷᠴᠠᠭ ( 2024 ᠣᠨ ᠤ ᠬᠡᠪᠯᠡᠯ )  ᠵᠢᠴᠢ ᠭᠠᠷᠴᠠᠭ ᠢ ᠬᠦᠴᠦᠨ ᠥᠬᠡᠶ ᠪᠣᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/26
  ᠨᠢᠭᠡ᠂ ᠶᠠᠭᠤ ᠶᠢ ᠵᠠᠰᠠᠭ ᠵᠠᠬᠢᠷᠭᠠᠨ ᠤ ᠡᠷᠬᠡ ᠭᠡᠬᠦ ᠪᠣᠶ︖ ᠭᠤᠤᠯᠳᠠᠭᠤ ᠶᠠᠮᠠᠷ ᠶᠠᠮᠠᠷ ᠲᠥᠷᠥᠯ ᠢ ᠪᠠᠭᠲᠠᠭᠠᠬᠤ ᠪᠤᠢ︖   ᠵᠠᠰᠠᠭ ᠵᠠᠬᠢᠷᠭᠠᠨ ᠤ ᠡᠷᠬᠡ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠭᠠᠷᠭᠠᠭᠰᠠᠨ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ᠂ ᠡᠭᠦᠷᠭᠡ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ  ᠃ ᠡᠭᠦᠨ ᠳᠤ ᠭᠤᠣᠯᠳᠠᠭᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠯᠲᠠ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠳᠠᠩᠰᠠᠯᠠᠭᠤᠯᠤᠯᠲᠠ᠂ ᠪᠤᠰᠤᠳ ᠵᠠᠰᠠᠭ ᠵᠠᠬᠢᠷᠭᠠᠨ ᠤ ᠡᠷᠬᠡ ( ᠭᠤᠶᠤᠴᠢᠯᠠᠯ ᠤᠨ ᠲᠦᠷᠦᠯ ᠢᠶᠠᠷ )᠂ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ᠂ ᠪᠤᠰᠤᠳ ᠵᠠᠰᠠᠭ ᠵᠠᠬᠢᠷᠭᠠᠨ ᠤ ᠡᠷᠬᠡ ( ᠡᠷᠬᠡ ᠲᠤᠰᠢᠶᠠᠯ ᠤᠨ ᠲᠦᠷᠦᠯ ᠢᠶᠠᠷ ) ᠵᠡᠷᠭᠡ ᠲᠦᠷᠦᠯ ᠵᠦᠢᠯ ᠢ ᠪᠠᠭᠲᠠᠭᠠᠨ᠎ᠠ  ᠃   ᠬᠤᠶᠠᠷ᠂ ᠶᠠᠭᠤᠨ ᠳᠤ 《 ᠨᠠᠷᠢᠨ ᠬᠠᠭᠤᠳᠠᠰᠦ》 ᠶᠢ ᠡᠮᠬᠢᠯᠡᠬᠦ ᠪᠣᠶ︖ 《 ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ  ᠶᠢᠨ ᠨᠠᠷᠢᠨ ᠬᠠᠭᠤᠳᠠᠰᠤ ᠶᠢᠨ ᠲᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ 》 ( ᠲᠥᠪ ᠠᠯᠪᠠᠨ ᠲᠠᠷᠬᠠᠭᠠᠭᠰᠠᠨ 2015 ) 21 ᠳ᠋ᠦ᠋ᠭᠡᠷ ᠲᠣᠭᠠᠲᠤ ) ᠪᠢᠴᠢᠭ ᠮᠠᠲ᠋ᠧᠷᠢᠶᠠᠯ ᠳᠤ ᠲᠣᠳᠣᠷᠬᠠᠶ ᠱᠠᠭᠠᠷᠳᠠᠭᠰᠠᠨ ᠢ ᠦᠨᠳᠦᠰᠦᠯᠡᠪᠡᠯ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠪᠠᠶᠢᠳᠠᠯ᠂ ᠪᠠᠶᠢᠭᠤᠯᠤᠮᠵᠢ ᠪᠠ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠬᠡᠷᠡᠭᠲᠡᠶ  ᠃ ᠬᠡᠷᠡᠭᠵᠢᠭᠦᠯᠬᠦ ᠪᠡᠶᠡᠴᠢ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠡᠭᠦᠯᠳᠡᠷᠵᠢᠭᠦᠯᠦᠨ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠬᠦ ᠶᠢ ᠳᠥᠯᠭᠢᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠷᠬᠡ ᠬᠠᠷᠢᠭᠤᠴᠠᠯᠭ᠎ᠠ ᠶᠢ ᠨᠢᠭᠡᠳᠬᠡᠬᠦ ᠶᠢ ᠪᠡᠶᠡᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠵᠠᠰᠠᠭ ᠵᠠᠬᠢᠷᠭᠠᠨ  ᠤ ᠲᠣᠭᠠᠨ ᠤ ᠲᠣᠪᠴᠢᠶ᠎ᠠ ᠲᠦᠷᠦᠭᠦᠯᠡᠨ ᠲᠣᠰ ᠱᠠᠲᠤᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠵᠡᠷᠭᠡ ᠪᠠᠷ ᠦᠨᠳᠦᠰᠦᠯᠡᠯ ᠪᠣᠯᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ᠂ ᠲᠠᠶᠢᠯᠪᠤᠷᠢᠯᠠᠬᠤ ᠵᠡᠷᠭᠡ ᠪᠠᠶᠢᠳᠠᠯ ᠲᠠᠢ ᠤᠶᠠᠯᠳᠤᠭᠤᠯᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠪᠥᠬᠦ ᠲᠠᠯ᠎ᠠ ᠪᠠᠷ ᠢᠯᠭᠠᠷᠠᠭᠤᠯᠤᠨ᠂ ᠰᠢᠨᠡᠴᠢᠯᠡᠵᠦ ᠲᠡᠭᠦᠯᠳᠡᠷᠵᠢᠭᠦᠯᠪᠡ  ᠃   ᠭᠤᠷᠪᠠ᠂ 《 ᠨᠠᠷᠢᠨ ᠲᠠᠩᠰᠠ 》 ᠶᠢ ᠡᠮᠬᠢᠯᠡᠬᠦ ᠳᠤ ᠶᠠᠮᠠᠷ ᠶᠠᠮᠠᠷ ᠠᠯᠬᠤᠮ ᠳᠠᠷᠠᠭ᠎ᠠ ᠶᠢ ᠥᠩᠭᠡᠷᠡᠭᠡᠭᠰᠡᠨ ᠪᠣᠶ︖   ᠡᠨᠡ ᠵᠢᠯ ᠤᠨ ᠡᠬᠢ ᠪᠠᠷ᠂ ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠲᠤᠭ᠎ᠠ ᠶᠢᠨ ᠲᠣᠪᠴᠢᠶ᠎ᠠ ᠠᠴᠠ ᠰᠢᠶᠠᠨ  ᠤ ᠲᠣᠰ ᠱᠠᠲᠤᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ 2022 ᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠰᠠᠭᠤᠷᠢᠨ ᠳᠡᠭᠡᠷ᠎ᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠪᠠᠶᠢᠳᠠᠯ᠂ ᠲᠣᠭᠤᠷᠢᠭ᠂ ᠠᠶᠢᠮᠠᠭ ᠬᠤᠶᠠᠷ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠦᠴᠦᠨ ᠥᠬᠡᠶ ᠪᠣᠯᠭᠠᠬᠤ ᠳᠣᠷᠣᠭᠰᠢ ᠪᠠᠭᠤᠯᠭᠠᠬᠤ ᠨᠠᠷᠢᠨ ᠲᠠᠩᠰᠠ ᠶᠢᠨ ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠲᠠᠩᠰᠠ ( 2023 ᠣᠨ ᠤ ᠬᠡᠪᠯᠡᠯ ) ᠪᠣᠯᠤᠨ ᠪᠠᠶᠢᠭᠤᠯᠤᠮᠵᠢ ᠂ ᠡᠭᠦᠷᠭᠡ ᠴᠢᠳᠠᠪᠬᠢ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠲᠠᠢ ᠤᠶᠠᠯᠳᠤᠭᠤᠯᠤᠨ᠂ ᠲᠣᠰ ᠰᠠᠯᠠᠭ᠎ᠠ ᠮᠥᠴᠢᠷ  ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠳᠤ ᠲᠥᠪᠯᠡᠷᠡᠩᠭᠦᠶ ᠲᠣᠬᠢᠷᠠᠭᠤᠯᠤᠯᠲᠠ ᠬᠢᠵᠦ᠂ ᠨᠠᠷᠢᠨ ᠲᠠᠩᠰᠠ  ᠶᠢᠨ ᠠᠭᠤᠯᠭ᠎ᠠ ᠶᠢ ᠳᠠᠬᠢᠨ ᠳᠠᠪᠲᠠᠨ ᠡᠮᠬᠢᠯᠡᠵᠦ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠬᠤ ᠶᠢᠨ ᠬᠠᠮᠲᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ  ᠃   ᠳᠥᠷᠪᠡ᠂ 《 ᠨᠠᠷᠢᠨ ᠲᠠᠩᠰᠠ 》 ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖   ᠭᠤᠤᠯᠳᠠᠭᠤ 2 ᠨᠠᠷᠢᠨ ᠲᠠᠩᠰᠠ ᠪᠣᠶ᠄ 《 ᠲᠦᠴᠢᠦᠸᠠᠨ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠦᠯᠡᠳᠡᠭᠡᠭᠰᠡᠨ ᠭᠠᠷᠴᠠᠭ ( 2024 ᠣᠨ ᠤ ᠬᠡᠪᠯᠡᠯ ) 》᠂ ᠡᠭᠦᠨ ᠳᠤ ᠰᠢᠶᠠᠨ ᠤ ᠲᠣᠰ ᠱᠠᠲᠤᠨ ᠤ 29 ᠰᠠᠯᠠᠭ᠎ᠠ ᠮᠥᠴᠢᠷ ᠤᠨ ᠦᠯᠡᠳᠡᠭᠡᠭᠰᠡᠨ ᠵᠠᠰᠠᠭ ᠵᠠᠬᠢᠷᠭᠠᠨ ᠤ ᠡᠷᠬᠡ  ᠶᠢᠨ ᠵᠦᠶᠯᠡᠰ 7612 ᠵᠦᠶᠯ ᠪᠠᠭᠲᠠᠨ᠎ᠠ  ᠃ 《 ᠲᠦᠴᠢᠦᠸᠠᠨ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ  ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠦᠴᠦᠨ ᠥᠬᠡᠶ ᠪᠣᠯᠭᠠᠬᠤ ᠭᠠᠷᠴᠠᠭ 》 ᠲᠤ ᠰᠢᠶᠠᠨ ᠤ ᠲᠣᠰ ᠱᠠᠲᠤᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠬᠤ 264 ᠵᠦᠶᠯᠡᠰ  ᠢ ᠪᠠᠭᠲᠠᠭᠠᠵᠠᠶ  ᠃  ᠲᠠᠪᠤ᠂ 《 ᠨᠠᠷᠢᠨ ᠲᠠᠩᠰᠠ 》 ᠶᠢ ᠡᠮᠬᠢᠯᠡᠨ ᠳᠢᠭᠯᠡᠬᠦ ᠵᠠᠷᠴᠢᠮ ᠨᠢ ᠶᠠᠭᠤ ᠪᠣᠶ︖  ᠨᠢᠭᠡ ᠳᠤ ᠡᠷᠬᠡ ᠬᠠᠷᠢᠭᠤᠴᠠᠯᠭ᠎ᠠ ᠶᠢᠨ ᠣᠷᠣᠨ ᠲᠤᠭ᠎ᠠ ᠶᠢ ᠨᠠᠷᠢᠯᠢᠬᠵᠢᠭᠤᠯᠪᠠ  ᠃ ᠥᠪᠡᠷᠲᠡᠭᠡᠨ ᠵᠠᠰᠠᠬᠤ ᠣᠷᠣᠨ  ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ( 2023 ᠣᠨ  ᠤ ᠬᠡᠪᠯᠡᠯ ) ᠪᠣᠯᠤᠨ ᠤᠯᠤᠰ ᠤᠨ ᠬᠡᠰᠡᠭ ᠶᠠᠮᠤᠨ ᠵᠥᠪᠯᠡᠯ ᠤᠨ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠶᠯᠡᠰ ᠤᠨ ᠵᠢᠯᠣᠭᠤᠳᠬᠤ ᠭᠠᠷᠴᠠᠭ ᠶᠣᠰᠣᠭᠠᠷ᠂ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠦᠶᠯᠡᠰ ᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠢᠭᠡᠳᠦᠯᠲᠡᠶ ᠵᠢᠷᠤᠮᠵᠢᠭᠤᠯᠤᠨ ᠥᠭᠦᠯᠡᠨ᠎ᠡ  ᠃   ᠬᠤᠶᠠᠷ ᠲᠤ ᠬᠥᠳᠡᠯᠦᠩᠭᠦᠶ ᠲᠣᠬᠢᠷᠠᠭᠤᠯᠤᠯᠲᠠ ᠬᠢᠨ᠎ᠠ  ᠃ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠠᠰ ᠳᠠᠷᠠᠭᠠᠯᠠᠯ ᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠤ ᠲᠣᠭᠠᠨ  ᠤ ᠲᠣᠪᠴᠢᠶ᠎ᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠱᠠᠲᠤᠨ ᠤ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠥᠪᠯᠡᠷᠡᠭᠦᠯᠦᠨ ᠳᠣᠭᠢᠷᠠᠭᠤᠯᠤᠨ᠎ᠠ︔ ᠡᠨᠡ ᠬᠤᠭᠤᠴᠠᠭᠠᠨ ᠳᠤ ᠰᠠᠯᠠᠭ᠎ᠠ ᠮᠥᠴᠢᠷ ᠤᠨ ᠣᠨᠴᠠ ᠵᠠᠷᠢᠮ ᠤᠴᠢᠷ ᠶᠠᠪᠤᠳᠠᠯ ᠳᠤ ᠲᠣᠬᠢᠷᠠᠭᠤᠯᠤᠯᠲᠠ ᠬᠢᠬᠦ ᠬᠡᠷᠡᠭᠴᠡᠭᠡ ᠶᠢ ᠦᠨᠳᠦᠰᠦᠯᠡᠨ᠂ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠣᠨᠴᠠ ᠵᠠᠷᠢᠮ ᠲᠣᠬᠢᠷᠠᠭᠤᠯᠤᠯᠲᠠ ᠬᠢᠨ᠎ᠡ  ᠃   ᠭᠤᠷᠪᠠ ᠳᠤ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠳᠣᠪᠣᠶᠢᠯᠭᠠᠨ᠎ᠠ  ᠃ ᠬᠢᠨᠠᠨ ᠵᠥᠪᠰᠢᠶᠡᠷᠡᠬᠦ ᠶᠢ ᠬᠦᠴᠦᠨ ᠥᠬᠡᠶ ᠪᠣᠯᠭᠠᠬᠤ ᠪᠣᠯᠪᠠᠴᠤ ᠮᠥᠨ ᠬᠢᠨᠠᠨ ᠬᠠᠮᠢᠶᠠᠷᠬᠤ ᠴᠢᠬᠤᠯᠠᠲᠠᠶ ᠵᠦᠶᠯᠡᠰ ᠲᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠦᠴᠦᠨ ᠥᠬᠡᠶ ᠪᠣᠯᠭᠠᠬᠤ ᠵᠦᠶᠯᠡᠰ ᠢ ᠳᠠᠯᠳᠠ ᠴᠢᠨᠠᠷᠲᠠᠶ ᠴᠤᠪᠤᠷᠠᠯ ᠪᠣᠯᠭᠠᠨ ᠲᠠᠯᠪᠢᠬᠤ᠂ ᠳᠠᠯᠳᠠᠭᠤᠷ ᠨᠥᠬᠦᠪᠥᠷᠢᠯᠡᠬᠦ᠂ ᠳᠠᠯᠳᠠᠭᠤᠷ ᠦᠯᠡᠳᠡᠭᠡᠬᠦ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠨ᠎ᠡ  ᠃   ᠲᠦᠷᠪᠡ ᠳᠤ ᠡᠷᠬᠡ ᠶᠢᠨ ᠬᠢᠨᠠᠯᠲᠠ ᠶᠢ ᠲᠡᠭᠦᠯᠳᠡᠷᠵᠢᠭᠦᠯᠦᠨ᠎ᠡ  ᠃ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠠᠭᠤᠯᠭ᠎ᠠ ᠶᠢ ᠨᠡᠶᠢᠭᠡᠮ ᠳᠤ ᠬᠠᠨᠳᠤᠭᠤᠯᠤᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ  ᠃ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠲᠠᠢ ᠬᠠᠷᠢᠴᠠᠭᠤᠯᠤᠨ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠵᠠᠰᠠᠭ ᠣᠨ ᠶᠠᠪᠤᠳᠠᠯ ᠤᠨ ᠦᠶᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ  ᠃   ᠵᠢᠷᠭᠤᠭ᠎ᠠ᠂ 《 ᠨᠠᠷᠢᠨ ᠬᠠᠭᠤᠳᠠᠰᠦ》 ᠳᠤ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖   ᠬᠢᠯᠠᠰ ᠴᠡᠭ 1᠄ ᠨᠠᠷᠢᠨ ᠬᠠᠭᠤᠳᠠᠰᠦ‌‍ᠶᠢᠨ ᠬᠤᠭᠤᠷᠣᠨᠳᠣᠬᠢ ᠪᠦᠲᠦᠮᠵᠢᠲᠡᠶ ᠵᠣᠯᠭᠠᠯᠴᠠᠭ᠎ᠠ ᠶᠢ ᠪᠡᠶᠡᠯᠡᠭᠦᠯᠪᠡ  ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠶᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠪᠠᠶᠢᠳᠠᠯ ᠤᠨ ᠰᠠᠭᠤᠷᠢᠨ ᠳᠡᠭᠡᠷ᠎ᠡ᠂ 《 ᠨᠠᠷᠢᠨ ᠬᠠᠭᠤᠳᠠᠰᠤ 》 ᠶᠢ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ( 2023 ᠣᠨ ᠤ ᠬᠡᠪᠯᠡᠯ )᠂ ᠤᠯᠤᠰ ᠤᠨ ᠶᠠᠮᠤᠨ ᠵᠥᠪᠯᠡᠯ ᠤᠨ ᠲᠣᠭᠲᠠᠭᠠᠭᠰᠠᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠵᠦᠶᠯᠡᠰ ᠤᠨ ᠵᠢᠯᠣᠭᠤᠳᠬᠤ ᠭᠠᠷᠴᠠᠭ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠦᠨᠳᠦᠰᠦᠨ ᠭᠠᠷᠴᠠᠭ᠂ 《 ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ 》 ᠶᠢᠨ ᠵᠦᠶᠯᠡᠰ  ᠤᠨ ᠨᠠᠷᠢᠨ ᠬᠠᠭᠤᠳᠠᠰᠤ ᠵᠡᠷᠭᠡ ᠯᠦᠭᠡ ᠭᠦᠶᠴᠡᠳ ᠵᠣᠯᠭᠠᠭᠤᠯᠤᠨ᠎ᠠ  ᠃ ᠥᠪᠥᠷ ᠮᠣᠩᠭᠤᠯ ᠤᠨ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠰᠦᠯᠵᠢᠶ᠎ᠡ ᠶᠢᠨ 《 ᠰᠠᠭᠤᠷᠢ ᠨᠠᠷᠢᠨ ᠬᠠᠭᠤᠳᠠᠰᠦ》 ᠳᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠦ‌‍ᠶᠢᠨ ᠪᠤᠯᠤᠩ ᠭᠠᠷᠭᠠᠵᠤ᠂ ᠬᠠᠮᠢᠶ᠎ᠠ ᠪᠥᠬᠦᠶ ᠨᠠᠷᠢᠨ ᠬᠠᠭᠤᠳᠠᠰᠦ‌‍ᠲ᠋ᠠᠶ ᠬᠤᠯᠪᠣᠭᠳᠠᠭᠤᠯᠤᠨ ᠳᠡᠯᠭᠡᠨ ᠦᠵᠡᠭᠦᠯᠵᠦ᠂ ᠠᠵᠤ ᠠᠬᠤᠶᠢᠯᠠᠯ ᠣᠯᠠᠨ ᠲᠦᠮᠡᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠦ‌‍ᠶᠢ ᠪᠠᠶᠢᠴᠠᠭᠠᠨ ᠦᠵᠡᠬᠦ ᠳᠡᠭᠡᠨ ᠭᠦᠶᠴᠡᠳᠬᠡᠬᠦ ᠴᠤᠪᠤᠷᠠᠯ ᠤᠨ ᠮᠡᠳᠡᠭᠡ ᠵᠠᠩᠭᠢ ᠶᠢ ᠰᠢᠭᠤᠳ ᠪᠠᠶᠢᠴᠠᠭᠠᠨ ᠦᠵᠡᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠵᠦ ᠪᠣᠯᠤᠨ᠎ᠠ  ᠃   ᠭᠢᠯᠠᠰ ᠴᠡᠭ 2᠄ ᠡᠷᠬᠡ ᠶᠢᠨ ᠲᠥᠷᠥᠯ ᠬᠡᠯᠪᠡᠷᠢ ᠶᠢᠨ ᠬᠤᠪᠢᠶᠠᠷᠢᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠪᠡ  ᠃ 《 ᠵᠠᠰᠠᠭ ᠵᠠᠬᠢᠷᠭᠠᠨ ᠤ ᠪᠦᠷᠢᠳᠬᠡᠨ ᠳᠠᠩᠰᠠᠯᠠᠬᠤ ᠶᠢ ᠵᠢᠷᠤᠮᠵᠢᠭᠤᠯᠤᠨ ᠬᠠᠮᠢᠶᠠᠷᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠳᠡᠯᠭᠡᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ  ᠤᠨ ᠮᠡᠳᠡᠭᠳᠡᠯ 》 ( ᠲᠥᠷᠥ ᠠᠯᠪᠠᠨ ᠵᠠᠬᠢᠳᠠᠯ [ 2022 ] 110 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠡᠷᠬᠡ ᠶᠢᠨ ᠲᠥᠷᠥᠯ ᠬᠡᠯᠪᠡᠷᠢ ᠶᠢᠨ 《 ᠵᠠᠰᠠᠭ ᠵᠠᠬᠢᠷᠭᠠᠨ ᠤ ᠪᠦᠷᠢᠳᠬᠡᠨ ᠳᠠᠩᠰᠠᠯᠠᠭᠤᠯᠬᠤ 》 ᠶᠢ 《 ᠪᠤᠰᠤᠳ ᠵᠠᠰᠠᠭ ᠵᠠᠬᠢᠷᠭᠠᠨ ᠤ ᠡᠷᠬᠡ ( ᠭᠤᠶᠤᠴᠢᠯᠠᠬᠤ ᠲᠥᠷᠥᠯ ᠢᠶᠠᠷ ᠦᠨᠳᠦᠰᠦᠯᠡᠯ ᠪᠣᠯᠭᠠᠨ᠎ᠠ ) 》 ᠠᠴᠠ ᠲᠤᠰᠠᠭᠠᠷ ᠵᠢᠭᠰᠠᠭᠠᠨ ᠭᠠᠷᠭᠠᠵᠤ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 《 ᠵᠠᠰᠠᠭ ᠵᠠᠬᠢᠷᠭᠠᠨ ᠤ ᠪᠦᠷᠢᠳᠬᠡᠨ ᠳᠠᠩᠰᠠᠯᠠᠭᠤᠯᠬᠤ 》 ᠰᠢᠨᠵᠢ ᠴᠢᠨᠠᠷ ᠲᠤ ᠨᠡᠶᠢᠴᠡᠬᠦ ᠡᠷᠬᠡ ᠶᠢᠨ ᠵᠦᠶᠯᠡᠰ ᠢ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠡᠷᠬᠡ ᠶᠢᠨ ᠲᠥᠷᠥᠯ ᠬᠡᠯᠪᠡᠷᠢ ᠶᠢ 10 ᠵᠦᠶᠯ  ᠤᠨ ᠵᠠᠰᠠᠭ ᠵᠠᠬᠢᠷᠭᠠᠨ ᠤ ᠡᠷᠬᠡ ᠪᠠᠶᠢᠭᠰᠠᠨ ᠠᠴᠠ 12 ᠵᠦᠶᠯ ᠤᠨ ᠵᠠᠰᠠᠭ ᠵᠠᠬᠢᠷᠭᠠᠨ ᠤ ᠡᠷᠬᠡ ᠪᠣᠯᠭᠠᠨ ᠬᠤᠪᠢᠷᠠᠭᠤᠯᠤᠨ᠎ᠠ  ᠃   ᠬᠢᠯᠠᠰ ᠴᠡᠭ 3᠄ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠪᠠ  ᠃ ᠲᠣᠳᠣᠷᠬᠠᠶ ᠬᠠᠭᠤᠳᠠᠰᠤ ᠶᠢᠨ ᠬᠡᠯᠪᠡᠷᠢ ᠪᠠᠷ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠵᠢᠴᠢ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠤᠷᠪᠤᠰ ᠳᠠᠷᠠᠭᠠᠯᠠᠨ ᠡᠮᠬᠢᠯᠡᠬᠦ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠲᠠᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠤᠨ᠂ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠮᠳᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号