ᠲᠦᠴᠢᠦᠸᠠᠨ ᠤ ᠣᠶᠢᠷ᠎ᠠ ᠲᠡᠭᠦᠷᠭᠡ ᠪᠠᠷ ᠵᠤᠭᠠᠴᠠᠬᠤ ᠲᠤᠶᠢᠯ ᠤᠨ ᠬᠦᠤᠷ ᠬᠦᠭᠵᠢᠶᠡᠨᠲᠡᠢ ᠪᠠᠶᠢᠨ᠎ᠠ
ᠨᠡᠶᠢᠲᠡᠯᠡᠭᠰᠡᠨ ᠴᠠᠭ᠄
2024/7/27
   ᠵᠣᠨ ᠤ ᠠᠮᠠᠷᠠᠯᠲᠠ ᠶᠢᠨ ᠬᠤᠭᠤᠴᠠᠭ᠎ᠠ ᠪᠣᠯᠵᠣ᠂ ᠡᠷᠬᠢᠨ ᠲᠣᠭᠤᠷᠢᠨ ᠤ ᠵᠢᠭᠤᠯᠴᠢᠯᠠᠯ᠂ ᠬᠤᠲᠠ ᠶᠢᠨ ᠲᠡᠭᠦᠷᠭᠡ  ᠶᠢᠨ ᠵᠢᠭᠤᠯᠴᠢᠯᠠᠯ᠂ ᠡᠴᠢᠭᠡ ᠡᠬᠡ ᠦᠷ᠎ᠡ ᠬᠡᠦᠬᠡᠳ ᠤᠨ ᠵᠢᠭᠤᠯᠴᠢᠯᠠᠯ ᠰᠢᠨ᠎ᠡ ᠬᠠᠯᠠᠭᠤᠨ ᠥᠷᠨᠢᠯᠲᠡ ᠭᠠᠷᠴᠤ᠂ ᠲᠦᠴᠢᠦᠸᠠᠨ ᠰᠢᠶᠠᠨ ᠤ ᠮᠢᠩ ᠰᠢᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠦᠵᠡᠮᠵᠢ ᠶᠢᠨ ᠣᠷᠣᠨ ᠨᠢ ᠣᠷᠣᠨ ᠪᠦᠰᠡ ᠶᠢᠨ ᠴᠢᠨᠠᠷᠲᠠᠶ ᠭᠤᠶᠣ ᠰᠠᠶᠢᠬᠠᠨ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠪᠣᠯᠵᠣ᠂ ᠦᠶ ᠣᠯᠠᠨ ᠵᠤᠭᠠᠴᠠᠭᠰᠠᠳ ᠢ ᠲᠡᠳᠡᠨ ᠢᠷᠡᠵᠦ ᠵᠤᠭᠠᠴᠠᠬᠤ ᠪᠣᠯᠪᠠ᠃    ᠲᠦᠴᠢᠦᠸᠠᠨ ᠰᠢᠶᠠᠨ ᠤ ᠮᠢᠩ ᠰᠢᠩ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠦᠵᠡᠮᠵᠢ ᠶᠢᠨ ᠣᠷᠣᠨ ᠳᠤ ᠣᠷᠣᠬᠤ ᠳᠤ᠂ ᠲᠤᠮᠤ ᠬᠡᠯᠪᠡᠷᠢ ᠶᠢᠨ ᠪᠤᠯᠤᠳ ᠪᠦᠲᠦᠴᠡᠲᠦ ᠬᠠᠯᠢᠮᠤ ᠶᠢᠨ ᠰᠡᠭᠦᠯ ᠨᠢ ᠭᠠᠵᠠᠷ ᠤᠨ ᠭᠠᠳᠠᠷᠭᠤ ᠠᠴᠠ ᠴᠤᠬᠤᠶᠢᠵᠤ᠂ ᠨᠣᠮᠢᠨ ᠨᠣᠭᠤᠭᠠᠨ ᠨᠠᠭᠤᠷ ᠤᠨ ᠤᠰᠤ ᠬᠦᠷᠴᠢᠭᠢᠨᠡᠭᠡᠳ ᠢᠷᠠᠯᠵᠠᠵᠤ᠂ ᠲᠡᠷᠭᠡᠯ ᠰᠠᠷᠠᠨ ᠬᠤᠭᠤᠯᠠᠨ ᠲᠢᠩᠬᠢᠮ᠂ ᠣᠩᠭᠤᠴᠠᠨ ᠤ ᠬᠡᠯᠪᠡᠷᠢ ᠶᠢᠨ ᠬᠤᠭᠤᠯᠠᠨ ᠲᠢᠩᠬᠢᠮ᠂ ᠨᠠᠷᠠᠨ ᠭᠡᠷᠡᠯᠳᠦ ᠡᠯᠡᠰᠦᠨ ᠲᠠᠩ᠂ ᠸᠠᠭᠤᠨᠳᠤ ᠴᠤᠭᠯᠠᠭ᠎ᠠ ᠮᠠᠶᠢᠮᠠᠢ᠂ ᠣᠩᠭᠤᠴᠠ ᠪᠠᠭᠤᠳᠠᠯ ᠵᠡᠷᠭᠡ ᠰᠦᠯᠵᠢᠶᠡᠨ ᠳᠡᠭᠡᠷ᠎ᠡ ᠨᠡᠷ᠎ᠡ ᠭᠠᠷᠤᠭᠰᠠᠨ ᠭᠠᠵᠠᠷ ᠨᠢ ᠬᠥᠮᠦᠰ ᠤᠨ ᠪᠠᠭ᠋ᠠᠷᠬᠠᠳᠠᠭ ᠵᠢᠭᠤᠯᠴᠢᠯᠠᠯ ᠤᠨ ᠺᠠᠷᠲ ᠪᠣᠯᠬᠤ ᠶᠤᠮ᠃ ᠬᠤᠯᠠ ᠠᠴᠠ ᠬᠠᠷᠠᠪᠠᠯ᠂ ᠵᠤᠭᠠᠴᠠᠭᠴᠢ ᠢᠷᠠᠯᠵᠠᠵᠤ᠂ ᠭᠤᠶᠤ ᠰᠠᠶᠢᠬᠠᠨ ᠦᠵᠡᠮᠵᠢ᠂ ᠵᠤᠭ᠎ᠠ ᠴᠡᠩᠭᠡᠯ ᠤᠨ ᠲᠥᠷᠥᠯ ᠵᠦᠢᠯ᠂ ᠵᠤᠭᠠᠴᠠᠭᠴᠢ ᠶᠢᠨ ᠠᠮᠠᠷᠠᠯᠲᠠ ᠶᠢᠨ ᠬᠠᠯᠠᠭᠤᠨ ᠰᠡᠳᠬᠢᠯᠭᠡ ᠶᠢ ᠲᠤᠶᠢᠯᠪᠤᠷᠢᠲᠠᠢ ᠬᠥᠭᠵᠢᠭᠡᠵᠦ᠂ ᠴᠥᠭᠡᠨ ᠪᠤᠰᠤ ᠭᠠᠳᠠᠨ᠎ᠠ ᠣᠷᠣᠨ ᠠᠴᠠ ᠢᠷᠡᠭᠰᠡᠨ ᠵᠤᠭᠠᠴᠠᠭᠴᠢ ᠠᠳᠡ ᠢᠷᠡᠵᠦ ᠪᠤᠴᠠᠬᠤ ᠪᠠᠨ ᠮᠠᠷᠲᠠᠵᠠᠢ᠃
   ︽ᠥᠨᠥᠳᠦᠷ ᠠᠪᠤ ᠡᠵᠢ᠂ ᠬᠡᠦᠬᠡᠳ ᠲᠠᠢ ᠪᠠᠨ ᠬᠠᠮᠲᠤ ᠮᠢᠩ ᠰᠢᠩ ᠨᠠᠭᠤᠷ ᠢᠶᠠᠷ ᠵᠤᠭᠠᠴᠠᠪᠠ᠂ ᠠᠳᠡ ᠦᠨᠡᠬᠡᠷ ᠭᠠᠶᠢᠬᠠᠮᠰᠢᠭᠲᠠᠢ᠂ ᠡᠨᠡ ᠨᠠᠭᠤᠷ ᠨᠡᠯᠢᠶᠡᠳ ᠶᠡᠭᠡ᠂ ᠦᠵᠡᠮᠵᠢ ᠨᠢ ᠴᠦ ᠨᠡᠯᠢᠶᠡᠳ ᠰᠠᠶᠢᠨ᠂ ᠨᠢᠭᠡᠨᠲᠡ ᠬᠡᠳᠦᠨ ᠦᠵᠡᠮᠵᠢ ᠶᠢᠨ ᠣᠷᠣᠨ ᠢᠶᠠᠷ ᠨᠠᠭᠠᠳᠴᠤ᠂ ᠭᠡᠷ ᠲᠡᠭᠡᠨ ᠬᠠᠷᠢᠭᠰᠠᠨ ᠤ ᠲᠠᠷᠠᠭ᠎ᠠ ᠲᠦᠷᠦᠯ ᠰᠠᠳᠤᠨ ᠨᠠᠶᠢᠵᠠ ᠨᠥᠬᠦᠳ  ᠲᠡᠭᠡᠨ ᠲᠠᠨᠢᠯᠴᠠᠭᠤᠯᠵᠤ ᠥᠭᠭᠦᠨ᠎ᠡ᠃︾ ᠭᠡᠵᠦ ᠭᠢᠷᠢᠨ ᠮᠤᠵᠢ ᠶᠢᠨ ᠲᠤᠤ ᠨᠠᠨ ᠬᠤᠲᠠ ᠶᠢᠨ ᠵᠤᠭᠠᠴᠠᠭᠴᠢ ᠯᠢᠦ ᠹᠧᠩ ᠭᠧ ᠪᠠᠶᠠᠷᠲᠠᠶ ᠬᠡᠯᠡᠨ᠎ᠡ᠃
   ᠲᠦᠴᠢᠦᠸᠠᠨ ᠰᠢᠶᠠᠨ ᠤ ᠮᠢᠩ ᠰᠢᠩ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠣᠭᠴᠠ ᠨᠢ ᠵᠡᠭᠦᠨ ᠳᠥᠷᠥᠯᠵᠢ ᠪᠠᠯᠭᠠᠰᠤ ᠶᠢᠨ ᠮᠢᠩ ᠰᠢᠩ ᠲᠣᠰᠬᠤᠨ ᠳᠤ ᠪᠠᠶᠢᠷᠢᠯᠠᠵᠤ᠂ 12.8 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠲᠠᠢ᠂ ᠪᠠᠷᠢᠯᠭ᠎ᠠ ᠶᠢᠨ ᠲᠠᠯᠠᠪᠠᠢ ᠨᠢ 3.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 1.78 ᠳ᠋ᠦᠩᠰᠢᠭᠤᠷ ᠲᠥᠭᠦᠷᠢᠭ ᠲᠤ ᠬᠦᠷᠴᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠥᠭᠡᠷᠡᠴᠢᠯᠡᠯᠲᠡ ᠬᠢᠬᠦ ᠪᠠᠷ ᠳᠠᠮᠵᠢᠨ᠂ ᠪᠦᠷᠢᠨ ᠲᠦᠬᠦᠷ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠰᠠᠭᠤᠷᠢ ᠲᠥᠬᠦᠭᠡᠷᠦᠮᠵᠢ ᠶᠢ ᠲᠥᠬᠦᠷᠵᠢᠭᠦᠯᠦᠭᠰᠡᠨ ᠪᠥᠭᠡᠳ ᠡᠴᠢᠭᠡ ᠡᠬᠡ ᠦᠷ᠎ᠡ ᠬᠡᠦᠬᠡᠳ  ᠤᠨ ᠰᠡᠯᠡᠭᠦᠴᠡᠯ ᠤᠨ ᠡᠵᠡᠩᠨᠡᠯᠲᠡ ᠶᠢᠨ ᠪᠠᠶᠢᠳᠠᠯ ᠳᠤ ᠣᠷᠣᠭᠤᠯᠵᠤ᠂ ᠬᠥᠳᠡᠭᠡ ᠲᠣᠰᠬᠤᠨ᠂ ᠲᠠᠷᠢᠶᠠᠯᠠᠬᠤ ᠵᠢᠭᠠᠰᠤᠨ  ᠤ ᠦᠢᠯᠡᠰ᠂ ᠡᠴᠢᠭᠡ ᠡᠬᠡ ᠦᠷ᠎ᠡ ᠬᠡᠦᠬᠡᠳ ᠢ ᠪᠦᠲᠦᠮᠵᠢᠲᠡᠢ ᠨᠢᠭᠡᠳᠭᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠡᠯᠡᠭᠦᠴᠡᠯ ᠤᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠣᠷᠣᠨ᠂ ᠬᠦᠳᠡᠭᠡ ᠲᠤᠰᠬᠤᠨ ᠤ ᠨᠡᠶᠢᠭᠡᠮ ᠲᠣᠭᠤᠷᠢᠭ ᠤᠨ ᠭᠤᠷᠪᠠ ᠶᠢ ᠨᠢᠭᠡᠳᠬᠡᠭᠰᠡᠨ ᠬᠥᠳᠡᠭᠡ ᠨᠤᠲᠤᠭ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠪᠠ᠃
   ᠡᠭᠦᠨ ᠤ ᠬᠠᠮᠲᠤ᠂ ᠲᠦᠴᠢᠦᠸᠠᠨ ᠰᠢᠶᠠᠨ ᠤ ᠮᠢᠩ ᠰᠢᠩ ᠬᠦᠳᠡᠭᠡ ᠲᠤᠰᠬᠤᠨ ᠶᠡᠷᠦᠩᠬᠡᠶᠢᠯᠡᠭᠰᠡᠨ ᠴᠣᠭᠴᠠ ᠨᠢ ᠤᠤᠯ ᠤᠨ ᠲᠣᠨᠤᠭ ᠲᠥᠬᠦᠭᠡᠷᠦᠮᠵᠢ ᠶᠢᠨ ᠰᠠᠭᠤᠷᠢᠨ ᠳᠡᠭᠡᠷ᠎ᠡ᠂ ᠰᠢᠨ᠎ᠡ ᠶᠢ ᠡᠭᠦᠳᠴᠦ᠂ ᠵᠢᠭᠤᠯᠴᠢᠯᠠᠯ ᠤᠨ ᠦᠶᠯᠡᠳᠬᠦᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠵᠤᠭᠠᠴᠠᠭᠰᠠᠳ ᠲᠤ ᠨᠠᠩ ᠰᠠᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠬᠠᠩᠭᠠᠪᠠ᠃    ︽ᠮᠢᠩ ᠰᠢᠩ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠤ ᠵᠤᠨ ᠤ ᠠᠮᠠᠷᠠᠯᠲᠠ ᠶᠢᠨ ᠬᠤᠭᠤᠴᠠᠭᠠᠨ ᠳᠤ ᠤᠰᠤᠨ ᠳᠡᠭᠡᠷᠡᠬᠢ ᠬᠡᠢ ᠶᠢᠨ ᠵᠠᠭᠪᠤᠷ᠂ ᠤᠰᠤᠨ ᠳᠡᠭᠡᠷᠡᠬᠢ ᠵᠤᠭ᠎ᠠ ᠴᠡᠩᠭᠡᠯ ᠵᠡᠷᠭᠡ ᠲᠦᠷᠦᠯ ᠵᠦᠢᠯ ᠢ ᠰᠢᠨ᠎ᠡ ᠪᠠᠷ ᠨᠡᠮᠡᠭᠳᠡᠭᠦᠯᠦᠨ᠎ᠡ᠂ ᠲᠡᠭᠡᠪᠡᠯ 7 ᠰᠠᠷ᠎ᠠ ᠶᠢᠨ ᠳᠤᠮᠳᠠᠴᠢ ᠪᠠᠷ ᠪᠢᠳᠡ ᠪᠠᠰᠠ ᠡᠯᠡᠰᠦᠨ ᠲᠠᠩ ᠤᠨ ᠬᠡᠭᠡᠷ᠎ᠡ ᠪᠠᠭᠤᠳᠠᠯᠯᠠᠬᠤ ᠨᠠᠶᠢᠷ᠂ ᠡᠯᠡᠰᠦᠨ ᠲᠠᠩ ᠤᠨ ᠤᠰᠤ ᠰᠠᠴᠤᠬᠤ ᠨᠠᠶᠢᠷ ᠵᠡᠷᠭᠡ ᠠᠯᠢ ᠤᠯᠠᠨ ᠠᠵᠢᠯᠯᠠᠭ᠎ᠠ ᠥᠷᠨᠢᠭᠦᠯᠵᠦ᠂ ᠵᠤᠭᠠᠴᠠᠭᠰᠠᠳ ᠢ ᠤᠷᠢᠵᠤ ᠲᠣᠭᠤᠷᠢᠨ ᠦᠵᠡᠭᠦᠯᠬᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠮᠢᠩ ᠰᠢᠩ ᠲᠢᠶᠠᠨ ᠶᠤᠸᠠᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠳᠠᠭᠠᠭᠠᠮᠠᠯ ᠶᠦᠩ ᠴᠢᠩ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号