ᠤᠯᠠᠭᠠᠨ ᠭᠦᠢᠯᠡᠰᠦ ᠡᠯᠪᠡᠭ ᠬᠤᠷᠢᠶᠠᠯᠲᠠ ᠤᠯᠵᠦ ᠵᠢᠮᠢᠰ ᠤᠨ ᠲᠠᠷᠢᠶᠠᠴᠢᠨ ᠤ ᠣᠷᠣᠯᠭ᠎ᠠ ᠨᠡᠮᠡᠭᠳᠡᠪᠡ
ᠨᠡᠶᠢᠲᠡᠯᠡᠭᠰᠡᠨ ᠴᠠᠭ᠄
2024/7/28
   ᠳᠡᠯᠭᠡᠷ ᠵᠤᠨ ᠤ ᠤᠯᠠᠷᠢᠯ ᠳᠤ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠴᠢᠶᠠᠨ ᠶᠢᠨ ᠲᠣᠰᠬᠤᠨ  ᠤ ᠵᠢᠮᠢᠰ ᠲᠡᠭᠦᠬᠦ ᠬᠦᠷᠢᠶᠡᠯᠡᠩ ᠤᠨ ᠤᠯᠠᠭᠠᠨ ᠭᠦᠢᠯᠡᠰᠦ ᠪᠣᠯᠪᠠᠰᠤᠷᠠᠯᠲᠠ ᠶᠢᠨ ᠬᠤᠭᠤᠴᠠᠭᠠᠨ ᠳᠠᠭᠠᠨ ᠣᠷᠣᠵᠤ᠂ ᠮᠠᠰᠢ ᠤᠯᠠᠨ ᠵᠤᠭᠠᠴᠠᠭᠰᠠᠳ ᠢ ᠲᠡᠳᠡᠨ ᠠᠪᠴᠢᠷᠠᠵᠤ ᠲᠡᠭᠦᠵᠦ ᠬᠤᠳᠠᠯᠳᠤᠨ ᠠᠪᠴᠤ᠂ ᠤᠯᠠᠭᠠᠨ ᠭᠦᠢᠯᠡᠰᠦ ᠨᠢ ᠲᠣᠰᠬᠤᠨ ᠤ ᠠᠷᠠᠳ ᠤᠨ ᠪᠠᠶᠠᠵᠢᠯ ᠤᠨ ᠦᠷ᠎ᠡ ᠵᠢᠮᠢᠰ ᠪᠣᠯᠪᠠ᠃
   ᠣᠳᠣᠬᠠᠨ ᠳᠤ ᠶᠠᠭ ᠤᠯᠠᠭᠠᠨ ᠭᠦᠢᠯᠡᠰᠦ ᠶᠢᠨ ᠪᠣᠯᠪᠠᠰᠤᠷᠠᠬᠤ ᠤᠯᠠᠷᠢᠯ ᠪᠠᠶᠢᠵᠤ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠴᠢᠶᠠᠨ ᠶᠢᠨ ᠲᠣᠰᠬᠤᠨ ᠤ ᠤᠯᠠᠭᠠᠨ ᠭᠦᠢᠯᠡᠰᠦ ᠶᠢᠨ ᠵᠢᠮᠢᠰ ᠲᠡᠭᠦᠬᠦ ᠬᠦᠷᠢᠶᠡᠯᠡᠩ ᠳᠤ᠂ 10 ᠭᠠᠷᠤᠢ ᠮᠦ ᠤᠯᠠᠭᠠᠨ ᠭᠦᠢᠯᠡᠰᠦ ᠲᠡᠭᠦᠬᠦ ᠬᠤᠭᠤᠴᠠᠭ᠎ᠠ ᠪᠠᠨ ᠵᠢᠩᠬᠢᠨᠢ ᠪᠠᠷ ᠤᠭᠲᠤᠨ ᠠᠪᠤᠯ᠎ᠠ᠃ ᠴᠡᠴᠡᠷᠯᠢᠭ  ᠤᠨ ᠳᠣᠲᠣᠷ᠎ᠠ ᠢᠭ᠍ᠴᠤ ᠰᠠᠬᠤᠯᠢᠭ ᠦᠩᠭᠡ ᠪᠤᠳᠤᠭ ᠢᠶᠠᠷ ᠳᠦᠭᠦᠷᠴᠦ᠂ ᠵᠢᠮᠢᠰ ᠤᠨ ᠲᠠᠷᠢᠶᠠᠴᠢᠨ ᠵᠠᠩ ᠯᠢᠩ ᠶᠠᠭ ᠰᠠᠶᠢᠬᠠᠨ ᠤᠯᠠᠭᠠᠨ ᠭᠦᠢᠯᠡᠰᠦ ᠲᠡᠭᠦᠵᠦ  ᠶᠠᠭᠠᠷᠠᠯᠳᠤᠨ᠂ ᠴᠢᠷᠠᠢ ᠳᠤᠨᠢ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠨ᠎ᠠ᠃
   ︽ᠤᠯᠠᠭᠠᠨ ᠭᠦᠢᠯᠡᠰᠦ ᠶᠢᠨ ᠬᠦᠷᠢᠶᠡᠯᠡᠩ 10 ᠮᠥ ᠣᠷᠴᠢᠮ ᠭᠠᠵᠠᠷ ᠡᠵᠡᠯᠡᠵᠦ᠂ ᠪᠠᠷᠤᠭ 2700 ᠰᠠᠭᠤᠷᠢ ᠤᠯᠠᠭᠠᠨ ᠭᠦᠢᠯᠡᠰᠦ ᠤᠨ ᠮᠤᠳᠤ ᠲᠠᠢ᠂ 7 ᠰᠠᠷ᠎ᠠ ᠶᠢᠨ ᠡᠬᠢ ᠪᠠᠷ᠂  ᠴᠢᠩ ᠭᠠᠨ ᠾᠧ ᠪᠣᠯᠪᠠᠰᠤᠷᠠᠨ᠂ ᠪᠤᠰᠤᠳ ᠶᠠᠰᠤ ᠴᠢᠨᠠᠷ ᠨᠢ ᠵᠠᠯᠭᠠᠭ᠎ᠠ ᠪᠠᠷ ᠪᠣᠯᠪᠠᠰᠤᠷᠠᠵᠤ᠂ 9 ᠰᠠᠷ᠎ᠠ ᠶᠢᠨ ᠡᠬᠢ ᠪᠣᠯᠲᠠᠯ᠎ᠠ ᠲᠡᠭᠦᠵᠦ᠂ ᠣᠷᠣᠯᠭ᠎ᠠ ᠪᠠᠷᠤᠭ 6 ᠲᠦᠮᠡᠨ ᠲᠥᠭᠦᠷᠢᠭ ᠣᠷᠴᠢᠮ ᠪᠤᠯᠤᠨ᠎ᠠ᠃︾ ᠭᠡᠵᠦ ᠡᠨᠡ ᠵᠢᠯ ᠤᠨ ᠤᠯᠠᠭᠠᠨ ᠭᠦᠢᠯᠡᠰᠦ ᠶᠢ ᠦᠵᠡᠭᠡᠳ᠂ ᠵᠢᠮᠢᠰ  ᠤᠨ ᠲᠠᠷᠢᠶᠠᠴᠢᠨ ᠵᠠᠩ ᠯᠢᠩ ᠠᠮᠠ ᠬᠠᠮᠬᠢᠯ ᠦᠭᠡᠢ ᠢᠨᠢᠶᠡᠪᠡ᠃
   ᠤᠯᠠᠭᠠᠨ ᠭᠦᠢᠯᠡᠰᠦ ᠶᠢᠨ ᠤᠨᠠᠯᠲᠠ ᠪᠠ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠵᠠᠩ ᠯᠢᠩ ᠠᠳᠠᠯᠢ ᠪᠤᠰᠤ ᠤᠯᠠᠷᠢᠯ᠂ ᠠᠭᠤᠷ ᠠᠮᠢᠰᠬᠤᠯ ᠢ ᠦᠨᠳᠦᠰᠦᠯᠡᠵᠦ᠂ ᠰᠢᠨᠵᠢᠯᠡᠬᠦ ᠤᠬᠠᠭᠠᠨᠴᠢ ᠪᠠᠷ ᠳᠠᠷᠢᠬᠤ ᠮᠡᠷᠭᠡᠵᠢᠯ ᠢ ᠴᠢᠩᠭ᠎ᠠ ᠵᠢᠷᠤᠮᠯᠠᠨ ᠤᠯᠠᠭᠠᠨ ᠭᠦᠢᠯᠡᠰᠦ ᠤᠨ ᠬᠦᠷᠢᠶᠡᠯᠡᠩ ᠢ ᠬᠠᠮᠢᠶᠠᠷᠴᠤ ᠬᠠᠮᠠᠭᠠᠯᠠᠳᠠᠭ᠂ ᠶᠠᠭ ᠡᠶᠢᠮᠦ ᠤᠴᠢᠷ ᠠᠴᠠ ᠂ ᠵᠢᠮᠢᠰ ᠲᠡᠭᠦᠬᠦ ᠬᠦᠷᠢᠶᠡᠯᠡᠩ ᠠᠴᠠ ᠭᠠᠷᠤᠭᠰᠠᠨ ᠤᠯᠠᠭᠠᠨ ᠭᠦᠢᠯᠡᠰᠦ ᠶᠢᠨ ᠥᠩᠭᠡ ᠪᠤᠳᠤᠭ ᠨᠢ ᠬᠤᠷᠴᠠ ᠰᠣᠷᠭᠤᠭ ᠂ ᠶᠠᠰᠤ ᠴᠢᠨᠠᠷ ᠨᠢ ᠮᠠᠰᠢ ᠰᠠᠶᠢᠨ ᠪᠠᠶᠢᠵᠤ᠂ ᠥᠷᠭᠡᠨ ᠣᠯᠠᠨ ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠠᠶᠢᠨ᠎ᠠ᠃
   ᠤᠯᠠᠭᠠᠨ ᠭᠦᠢᠯᠡᠰᠦ ᠤᠨ ᠬᠦᠷᠢᠶᠡᠯᠡᠩ ᠴᠡᠯᠭᠡᠷᠡᠨ ᠨᠣᠭᠤᠭᠠᠷᠠᠵᠤ᠂ ᠤᠢ ᠶᠢᠨ ᠳᠣᠣᠷ᠎ᠠ ᠲᠠᠬᠢᠶ᠎ᠠ ᠭᠠᠯᠠᠭᠤ ᠰᠦᠷᠦᠭᠯᠡᠨ᠂ ᠵᠠᠩ ᠯᠢᠩ ᠡᠨᠡ ᠬᠡᠳᠦᠨ ᠵᠢᠯ ᠳᠤ ᠲᠠᠷᠢᠵᠤ ᠲᠡᠵᠢᠭᠡᠬᠦ ᠶᠢ ᠤᠶᠠᠯᠳᠤᠭᠤᠯᠵᠤ᠂ ︽ᠲᠠᠬᠢᠶ᠎ᠠ ᠭᠠᠯᠠᠭᠤ ᠤᠯᠠᠭᠠᠨ ᠭᠦᠢᠯᠡᠰᠦ ᠬᠠᠮᠲᠤ ᠣᠷᠣᠰᠢᠬᠤ︾ ᠨᠢᠭᠡ ᠴᠤᠬᠴᠠᠵᠢᠬᠰᠠᠨ ᠡᠷᠬᠢᠯᠳᠡᠳᠤ ᠠᠮᠢ ᠠᠬᠤᠢ ᠶᠢᠨ ᠲᠠᠷᠢᠶᠠᠯᠠᠩ ᠢ ᠬᠦᠭᠵᠢᠭᠦᠯᠵᠦ᠂ ᠤᠯᠠᠭᠠᠨ ᠭᠦᠢᠯᠡᠰᠦ ᠶᠢᠨ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ᠂ ᠲᠠᠬᠢᠶᠠᠨ ᠤ ᠪᠠᠭᠠᠰᠤᠨ ᠪᠣᠬᠢᠷᠲᠤᠯ ᠤᠨ ᠠᠰᠠᠭᠤᠳᠠᠯ ᠢ ᠰᠢᠢᠳᠪᠦᠷᠢᠯᠡᠵᠦ ᠴᠢᠳᠠᠨ᠎ᠠ︕ ᠡᠨᠡ ᠬᠦ ᠠᠮᠢ ᠠᠬᠤᠶ ᠶᠢᠨ ᠳᠠᠷᠢᠵᠤ ᠲᠡᠵᠢᠭᠡᠬᠦ ᠣᠷᠴᠢᠯ ᠨᠢ ︽ᠮᠣᠳᠣᠨ ᠳᠡᠭᠡᠷ᠎ᠡ ᠵᠢᠮᠢᠰ ᠢ ᠬᠤᠳᠠᠯᠳᠤᠵᠤ᠂ ᠮᠣᠳᠣᠨ ᠳᠣᠤᠷ᠎ᠠ ᠥᠨᠳᠡᠭᠡ ᠬᠤᠳᠠᠯᠳᠤᠬᠤ︾ ᠳᠠᠪᠬᠤᠷ ᠦᠷ᠎ᠡ ᠠᠰᠢᠭ ᠤᠨ ᠵᠠᠭᠪᠤᠷ ᠢ ᠡᠬᠢᠯᠡᠭᠦᠯᠪᠡ᠃
   ᠣᠶᠢᠷ᠎ᠠ ᠶᠢᠨ ᠵᠢᠯ ᠠᠴᠠ ᠨᠠᠭᠠᠰᠢ᠂ ᠲᠦᠴᠢᠦᠸᠠᠨ ᠪᠠᠯᠭᠠᠰᠤᠨ ᠤ ᠴᠢᠶᠠᠨ ᠶᠢᠨ ᠲᠣᠰᠬᠤᠨ ᠲᠤᠬᠠᠶ ᠶᠢᠨ ᠭᠠᠵᠠᠷ  ᠤᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠠᠵᠤ ᠦᠶᠯᠡᠰ ᠤᠨ ᠪᠦᠲᠦᠴᠡ ᠪᠠᠨ ᠢᠳᠡᠪᠬᠢᠲᠡᠶ ᠲᠣᠬᠢᠷᠠᠭᠤᠯᠵᠤ᠂ ᠤᠯᠠᠭᠠᠨ ᠭᠦᠢᠯᠡᠰᠦ ᠵᠡᠷᠭᠡ ᠲᠠᠷᠢᠮᠠᠯ ᠤᠨ ᠠᠵᠤ ᠦᠶᠯᠡᠰ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠬᠦ ᠶᠢᠨ ᠬᠠᠮᠲᠤ ᠡᠯ᠎ᠡ ᠲᠥᠷᠥᠯ ᠤᠨ ᠵᠢᠮᠢᠰ ᠲᠡᠭᠦᠬᠦ ᠪᠠ ᠬᠥᠳᠡᠭᠡ ᠲᠣᠰᠬᠤᠨ ᠤ ᠵᠢᠭᠤᠯᠴᠢᠯᠠᠯ ᠢ ᠤᠶᠠᠯᠳᠤᠭᠤᠯᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠣᠷᠣᠯᠭ᠎ᠠ  ᠪᠠᠨ ᠦᠷᠭᠦᠯᠵᠢᠯᠡᠨ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号