ᠢᠦᠢ ᠵᠢᠢ ᠱᠦᠨ ᠰᠠᠬᠢᠯᠭ᠎ᠠ ᠪᠠᠲᠤ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/7/3
   6 ᠳ᠋ᠤᠭᠠᠷ ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ︽ᠰᠤᠷᠤᠯᠴᠠᠯᠭ᠎ᠠ ᠶᠢᠨ ᠰᠠᠬᠢᠯᠭ᠎ᠠ ᠲᠦᠷᠢᠮ ᠢ ᠰᠠᠬᠢᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠶ ᠥᠷᠨᠢᠭᠦᠯᠦᠶ᠎ᠡ︾ ᠭᠡᠬᠦ ᠰᠡᠳᠦᠪ ᠢᠶᠠᠷ ᠠᠶᠢᠮᠠᠭ ᠵᠠᠬᠢᠷᠭ᠎ᠠ ᠶᠢᠨ ᠪᠠᠭ ᠤᠨ ᠪᠦᠷᠢᠯᠳᠦᠬᠦᠨ ᠪᠠ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷᠴᠤᠳ ᠤᠨ ᠲᠥᠯᠥᠭᠡᠯᠡᠭᠴᠢᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ᠃    ᠢᠦᠢ ᠵᠢᠢ ᠱᠦᠨ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ ᠪᠠᠷ ᠬᠥᠲᠥᠯᠪᠦᠷᠢ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠶᠢ ᠣᠨᠣᠪᠴᠢᠲᠠᠶ ᠡᠵᠡᠮᠳᠡᠨ ᠭᠦᠨᠵᠡᠭᠡᠶ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢᠨ ᠳᠣᠲᠣᠷ᠎ᠠ ᠠᠴᠠ ᠰᠡᠷᠡᠮᠵᠢ ᠶᠢᠨ ᠰᠤᠷᠭᠠᠮᠵᠢ ᠶᠢ ᠭᠦᠨᠵᠡᠭᠡᠶ ᠬᠦᠯᠢᠶᠡᠨ ᠠᠪᠴᠤ᠂ ᠡᠪ ᠬᠠᠮᠲᠤᠴᠤᠳ ᠤᠨ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠶ ᠭᠡᠪᠡ᠃    ᠢᠦᠢ ᠵᠢᠢ ᠱᠦᠨ᠂ ᠵᠠᠬᠢᠷᠭ᠎ᠠ ᠶᠢᠨ ᠠᠯᠪᠠᠨ ᠭᠡᠷ ᠤᠨ ᠪᠠᠶᠢᠷᠢ ᠨᠢ ᠴᠢᠬᠤᠯᠠ᠂ ᠡᠭᠦᠷᠭᠡ ᠴᠢᠳᠠᠪᠬᠢ ᠨᠢ ᠴᠢᠬᠤᠯᠠ᠂ ᠡᠯ᠎ᠡ ᠵᠦᠢᠯ ᠤᠨ ᠠᠵᠢᠯ ᠤᠨ ᠳᠤᠮᠳᠠ ᠲᠦᠷᠦᠭᠦᠯᠡᠵᠦ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ᠃ ᠠᠯᠪᠠᠨ ᠬᠡᠷ ᠤᠨ ᠨᠥᠬᠦᠳ ᠤᠯᠤᠰ ᠲᠥᠷᠥ ᠶᠢ ᠡᠷᠬᠢᠮᠯᠡᠬᠦ ᠮᠡᠷᠭᠡᠨ ᠬᠥᠮᠦᠨ ᠪᠣᠯᠵᠣ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠤᠷᠤᠯᠴᠠᠬᠤ ᠳᠤᠷᠠᠲᠠᠢ ᠠᠵᠢᠯᠴᠢ ᠬᠥᠮᠦᠨ ᠪᠣᠯᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢᠨ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ᠃ ᠬᠠᠷᠢᠭᠤᠴᠠᠯᠭ᠎ᠠ ᠲᠠᠢ ᠰᠠᠨᠠᠭ᠎ᠠ ᠠᠮᠤᠷ ᠬᠥᠮᠦᠨ ᠪᠤᠯᠵᠤ᠂ ᠤᠴᠢᠷ ᠶᠠᠪᠤᠳᠠᠯ ᠬᠢᠬᠦ ᠳᠡᠭᠡᠨ ᠢᠲᠡᠭᠡᠯ ᠲᠠᠢ ᠪᠠᠶᠢᠵᠤ᠂ ᠬᠥᠮᠦᠨ ᠢ ᠰᠠᠨᠠᠭ᠎ᠠ ᠠᠮᠤᠷ ᠪᠠᠶᠢᠯᠭᠠᠵᠤ᠂ ᠨᠢᠭᠲᠠ ᠠᠴᠠ ᠨᠢᠭᠲᠠ ᠪᠠᠶᠢᠬᠤ ᠣᠪᠣᠷ ᠢᠶᠠᠷ ᠠᠵᠢᠯ ᠨᠢᠭᠡᠪᠦᠷᠢ ᠳᠤ ᠬᠠᠨᠳᠤᠵᠤ᠂ ᠬᠠᠷᠢᠭᠤᠴᠠᠯᠭ᠎ᠠ ᠶᠢ ᠦᠨᠡᠨ ᠬᠦ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠥᠨᠳᠥᠷ ᠦᠷ᠎ᠡ ᠪᠦᠲᠦᠮᠵᠢ ᠲᠠᠢ ᠪᠣᠳᠠᠲᠠᠢ ᠠᠵᠢᠯᠯᠠᠭᠴᠢ ᠪᠣᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠣᠯᠤᠨ ︽ᠤᠳᠠᠭᠠᠨ ᠪᠦᠳᠦᠭᠦᠯᠢᠭ ᠬᠤᠭᠤᠰᠣᠨ︾ ᠵᠡᠷᠭᠡ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠠᠵᠢᠯ ᠤᠨ ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠨᠡᠨᠬᠦ ᠨᠠᠶᠢᠳᠠᠪᠤᠷᠢᠵᠢᠭᠤᠯᠵᠤ᠂ ᠲᠦᠷᠭᠡᠨ ᠨᠠᠶᠢᠳᠠᠪᠤᠷᠢᠵᠢᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠰᠠᠬᠢᠬᠤ ᠴᠡᠪᠡᠷ ᠴᠢᠬᠡᠴᠢ ᠬᠥᠮᠦᠨ ᠪᠤᠯᠵᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠯᠠᠭᠠᠨ ᠱᠤᠭᠤᠮ ᠠᠴᠠ ᠳᠠᠪᠠᠭ᠋ᠤ ᠦᠭᠡᠢ ᠪᠠᠶᠢᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠴᠢᠶᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号